ᠬᠠᠤᠯᠢ ᠶᠢᠨ ᠵᠥᠪᠯᠡᠭᠴᠢ ᠮᠠᠯᠴᠢᠳ ᠤᠨ ᠳᠤᠮᠳᠠ ᠭᠦᠨᠵᠡᠭᠡᠶᠢᠷᠡᠨ᠎ᠡ
ᠨᠡᠶᠢᠲᠡᠯᠡᠭᠰᠡᠨ ᠴᠠᠭ᠄
2023/10/17
     ᠬᠠᠤᠯᠢ ᠶᠢᠨ ᠵᠥᠪᠯᠡᠭᠴᠢ ᠮᠠᠯᠴᠢᠳ ᠤᠨ ᠳᠤᠮᠳᠠ ᠭᠦᠨᠵᠡᠭᠡᠶᠢᠷᠡᠨ᠎ᠡ᠃ ᠰᠢᠨ᠎ᠡ ᠪᠠᠷᠭᠤ ᠪᠠᠷᠠᠭᠤᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠴᠢᠳᠠᠪᠤᠷᠢᠲᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠠᠴᠠᠭ᠎ᠠ ᠳᠤᠰᠬᠤᠨ ᠪᠣᠯᠭᠠᠨ ᠳᠤ ᠨᠢᠭᠡ ᠬᠠᠤᠯᠢ ᠶᠢᠨ ᠵᠥᠪᠯᠡᠭᠴᠢ︾ ᠲᠣᠬᠢᠷᠠᠭᠤᠯᠵᠤ᠂ ᠬᠠᠤᠯᠢ ᠴᠠᠭᠠᠵᠠ ᠶᠢᠨ ᠴᠢᠳᠠᠪᠤᠷᠢᠲᠠᠨ ᠤ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ ᠪᠠᠶᠢᠨ᠎ᠠ᠃      ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠤᠯᠢ ᠶᠢᠨ ᠵᠥᠪᠯᠡᠭᠴᠢ ᠶᠢᠨ ᠦᠢᠯᠡᠴᠢᠯᠡᠭᠡᠨ ᠤ ᠲᠣᠣᠷ  ᠢ ᠪᠠᠶᠢᠭᠤᠯᠪᠠ᠃ 2022 ᠣᠨ ᠳᠤ ᠰᠢᠨ᠎ᠡ ᠪᠠᠷᠭᠤ ᠪᠠᠷᠠᠭᠤᠨ ᠬᠤᠰᠢᠭᠤ︽ᠬᠠᠷᠢᠶ᠎ᠠ ᠣᠷᠣᠨ ᠢ ᠤᠷᠢᠳ ᠢᠶᠠᠷ ᠪᠣᠳᠣᠯᠬᠢᠯᠠᠵᠤ ᠣᠶᠢᠷ᠎ᠠ ᠬᠠᠪᠢ ᠳᠠᠭᠠᠨ ᠦᠢᠯᠡᠴᠢᠯᠡᠬᠦ︾ ᠵᠠᠷᠴᠢᠮ ᠢᠶᠠᠷ ︽ᠬᠠᠤᠯᠢᠴᠢ + ᠺᠠᠳ᠋ᠷ ᠴᠠᠭᠳᠠᠭ᠎ᠠ + ᠬᠠᠤᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ︾ ᠶᠢᠨ ᠭᠡᠯᠪᠡᠷᠢ ᠪᠠᠷ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠠᠴᠠ ᠲᠠᠨᠢᠯᠴᠠᠭᠤᠯᠵᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠬᠢᠨᠠᠨ ᠲᠣᠭᠲᠠᠭᠠᠬᠤ ᠪᠠᠷ ᠳᠠᠮᠵᠢᠨ ᠮᠣᠩᠭᠤᠯ ᠬᠢᠲᠠᠳ ᠬᠤᠣᠰ ᠬᠡᠯᠡᠨ ᠤ ᠬᠠᠤᠯᠢᠴᠢ 5 ᠨᠡᠷᠡᠰ᠂ ᠠᠯᠪᠠᠨ ᠲᠤᠰᠢᠶᠠᠯᠲᠤ ᠬᠠᠤᠯᠢᠴᠢ 2 ᠨᠡᠷᠡᠰ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ 7 ᠨᠡᠷᠡᠰ᠂ ᠵᠠᠯᠠᠭᠤ ᠺᠠᠳ᠋ᠷ ᠴᠠᠭᠳᠠᠭ᠎ᠠ 7 ᠨᠡᠷᠡᠰ ᠢ ᠰᠣᠩᠭᠤᠨ ᠭᠠᠴᠠᠭ᠎ᠠ ᠳᠤᠰᠬᠤᠨ︵ᠨᠡᠶᠢᠭᠡᠮ ᠲᠣᠭᠤᠷᠢᠭ︶ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠴᠢᠯᠡᠭᠡᠨ ᠤ ᠲᠣᠣᠷ ᠢ ᠪᠦᠷᠢᠯᠳᠦᠭᠦᠯᠵᠦ᠂ ᠪᠦᠭᠦ ᠬᠤᠰᠢᠭᠤᠨ ᠤ 51 ᠭᠠᠴᠠᠭ᠎ᠠ 12 ᠨᠡᠶᠢᠭᠡᠮ ᠲᠣᠭᠤᠷᠢᠭ ᠲᠤ ᠲᠣᠮᠢᠯᠠᠨ ᠬᠠᠤᠯᠢ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢ ᠤᠷᠢᠬᠤ ᠭᠡᠷ᠎ᠡ ᠪᠢᠴᠢᠭ ᠲᠣᠭᠲᠠᠭᠠᠵᠤ᠂ ᠬᠠᠤᠯᠢ ᠶᠢᠨ ᠵᠥᠪᠯᠡᠭᠴᠢ ᠶᠢᠨ ᠠᠵᠢᠯ ᠢ ᠪᠦᠭᠦ ᠲᠠᠯ᠎ᠠ ᠪᠠᠷ ᠥᠷᠨᠢᠭᠦᠯᠵᠦ  ᠪᠦᠷᠬᠦᠴᠡ ᠶᠢᠨ ᠨᠤᠷᠮ᠎ᠠ ᠶᠢ100% ᠳᠤ ᠬᠦᠷᠭᠡᠪᠡ᠃      ︽ᠵᠠᠷᠭᠤ ᠶᠢᠨ ᠢᠷᠡᠯᠲᠡ︾ ᠶᠢ ᠵᠠᠰᠠᠬᠤ ᠠᠴᠠ ᠭᠠᠷᠳᠠᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ᠬᠥᠳᠡᠭᠡ ᠳᠤᠰᠬᠤᠨ ᠢ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠠᠤᠯᠢ ᠶᠢᠨ ᠵᠥᠪᠯᠡᠭᠴᠢ ᠶᠢᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠪᠠᠷ ᠮᠠᠯᠴᠢᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠬᠤᠶᠠᠷ ᠵᠢᠯ ᠤᠨ ᠲᠤᠷᠰᠢ᠂ ᠨᠡᠶᠢᠳᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠵᠦ᠂ 230 ᠭᠠᠷᠤᠢ ᠬᠥᠮᠥᠨ ᠤᠳᠠᠭ᠎ᠠ ᠬᠠᠤᠯᠢ ᠴᠠᠭᠠᠵᠠ ᠶᠢᠨ ᠯᠠᠪᠯᠠᠭ᠎ᠠ   ᠳᠤ ᠬᠠᠷᠢᠭᠤᠯᠲᠠ ᠥᠭᠴᠦ᠂ 170 ᠭᠠᠷᠤᠢ ᠮᠠᠯᠴᠢᠨ ᠲᠦᠮᠡᠨ ᠤ ᠵᠥᠷᠢᠴᠡᠯ ᠵᠠᠭᠤᠷᠠᠯᠳᠤᠭᠠᠨ ᠢ ᠡᠶᠡᠳᠡᠭᠦᠯᠵᠦ᠂ ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠨ ᠠᠷᠢᠯᠭᠠᠬᠤ᠂ ᠤᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠬᠠᠤᠯᠢ ᠪᠠᠷ ᠵᠠᠰᠠᠬᠤ ᠬᠥᠳᠡᠭᠡ ᠳᠤᠰᠬᠤᠨ ᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号