ᠬᠥᠬᠡ ᠡᠷᠭᠢ ᠪᠠᠯᠭᠠᠰᠤᠨ ᠤ ᠰᠢᠨ᠎ᠡ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/18
     10 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠣᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ 969 ᠳ᠋ᠦ᠋ᠭᠡᠷ ᠡᠮᠨᠡᠯᠭᠡ ᠶᠢᠨ ᠬᠤᠷᠢᠶ᠎ᠠ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠰᠢᠨ᠎ᠡ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠤᠷ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠠ ᠳᠠᠭᠠᠷᠢᠬᠤ ᠲᠥᠪ ᠵᠢᠴᠢ ᠴᠡᠭᠡᠵᠢ ᠡᠪᠡᠳᠬᠦ ᠲᠥᠪ  ᠨᠢ 969 ᠳ᠋ᠦ᠋ᠭᠡᠷ ᠡᠮᠨᠡᠯᠭᠡ ᠶᠢᠨ ᠬᠤᠷᠢᠶ᠎ᠠ ᠶᠢᠨ ᠮᠡᠳᠡᠷᠡᠯ ᠤᠨ ᠳᠣᠲᠣᠷ ᠰᠠᠯᠠᠭ᠎ᠠ᠂ ᠲᠦᠷᠭᠡᠨ ᠡᠮᠨᠡᠬᠦ ᠰᠠᠯᠠᠭ᠎ᠠ᠂ ᠵᠢᠷᠦᠬᠡ ᠪᠥᠭᠡᠷᠡᠨ ᠤ ᠰᠠᠯᠠᠭ᠎ᠠ᠂ ᠳᠣᠲᠣᠭᠠᠳᠤ ᠰᠢᠭᠦᠷᠡᠯ ᠤᠨ ᠰᠠᠯᠠᠭ᠎ᠠ᠂ ᠬᠢᠲᠠᠳ ᠡᠮᠨᠡᠯᠭᠡ ᠶᠢᠨ ᠡᠷᠡᠭᠦᠯᠵᠢᠯ ᠤᠨ ᠰᠠᠯᠠᠭ᠎ᠠ᠂ ᠰᠢᠲᠠᠭᠳᠠᠭᠰᠠᠨ ᠰᠢᠷᠬ᠎ᠠ ᠶᠢᠨ ᠳᠦᠷᠢ ᠵᠠᠰᠠᠬᠤ ᠰᠠᠯᠠᠭ᠎ᠠ ᠵᠡᠷᠭᠡ ᠡᠮᠴᠢᠯᠡᠭᠡᠨ ᠤ ᠦᠢᠯᠡᠴᠢᠯᠡᠭᠡᠨ ᠤ ᠪᠦᠯᠬᠦᠮ ᠤᠨ ᠡᠮᠴᠢ ᠲᠠᠢ ᠬᠠᠮᠲᠤᠷᠠᠨ ᠲᠤᠬᠠᠢ ᠶᠢᠨ ᠲᠠᠯᠠᠪᠤᠷ ᠲᠤ ᠡᠪᠡᠳᠴᠢᠨ ᠦᠵᠡᠵᠦ᠂ ᠠᠰᠠᠭᠤᠨ ᠣᠨᠣᠰᠢᠯᠠᠬᠤ ᠪᠠᠷ ᠢᠷᠡᠭᠰᠡᠨ ᠰᠠᠭᠤᠭᠠᠯᠢ ᠠᠷᠠᠳ ᠲᠤ ᠨᠠᠷᠢᠨ ᠨᠢᠮᠪᠠᠢ ᠪᠡᠶ᠎ᠡ ᠶᠢᠨ ᠪᠠᠶᠢᠴᠠᠭᠠᠯᠲᠠ ᠬᠢᠬᠦ ᠶᠢᠨ ᠬᠠᠮᠲᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠠᠢ᠃ ᠲᠤᠬᠠᠢ ᠶᠢᠨ ᠲᠠᠯᠠᠪᠤᠷ ᠤᠨ ᠡᠮᠨᠡᠨ ᠰᠤᠪᠢᠯᠠᠬᠤ ᠮᠡᠳᠡᠯᠭᠡ ᠶᠢᠨ ᠲᠠᠶᠢᠯᠤᠮᠵᠢ ᠪᠠᠷ ᠳᠡᠮᠵᠢᠨ᠂ ᠰᠠᠭᠤᠭᠠᠯᠢ ᠠᠷᠠᠳ ᠲᠤ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠨᠢ ᠡᠮᠨᠡᠨ ᠵᠠᠰᠠᠬᠤ ᠠᠴᠠ ᠶᠡᠭᠡ ᠪᠠᠶᠢᠳᠠᠭ ᠪᠣᠯᠬᠤᠷ ᠡᠷᠬᠡᠪᠰᠢ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠬᠡᠷᠡᠭᠲᠡᠢ ᠭᠡᠳᠡᠭ ᠢ ᠣᠶᠢᠯᠠᠭᠠᠭᠤᠯᠪᠠ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠡᠮᠴᠢᠯᠡᠭᠡᠨ ᠤ ᠡᠬᠢ ᠪᠠᠶᠠᠯᠢᠭ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠦᠲᠦᠮᠵᠢᠲᠡᠶ ᠠᠭᠤᠰᠤᠯᠴᠠᠯ ᠢ ᠠᠬᠢᠭᠤᠯᠬᠤ ᠶᠢᠨ ᠬᠠᠮᠲᠤ ᠪᠠᠰᠠ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠪᠠ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号