ᠰᠢ ᠶᠢᠨ ᠫᠢᠩ ᠪᠣᠯᠣᠨ ᠫᠧᠩ ᠯᠢ ᠶᠤᠸᠠᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠬᠤ ᠳᠠᠶᠢᠯᠠᠯᠭ᠎ᠠ ᠬᠢᠪᠡ
ᠨᠡᠶᠢᠲᠡᠯᠡᠭᠰᠡᠨ ᠴᠠᠭ᠄
2023/10/18
      ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 17 ᠤ ᠴᠠᠭᠢᠯᠭᠠᠨ ᠮᠡᠳᠡᠭᠡ 10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠣᠷᠣᠯᠴᠠᠪᠠ᠃  
     10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠵᠢᠷᠤᠭ ᠪᠣᠯ ᠰᠢ ᠶᠢᠨ ᠫᠢᠩ ᠪᠣᠯᠣᠨ ᠫᠧᠩ ᠯᠢ ᠶᠤᠸᠠᠨ ᠤᠯᠠᠨ ᠤᠯᠤᠰ ᠤᠨ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ            ᠠᠯᠳᠠᠨ ᠨᠠᠮᠤᠷ ᠪᠡᠭᠡᠵᠢᠩ ᠬᠤᠳᠠ ᠶᠢᠨ ᠦᠳᠡᠰᠢ ᠶᠢᠨ ᠨᠡᠷᠡᠨ ᠵᠢᠷᠤᠭ ᠮᠡᠲᠦ᠂ ᠲᠢᠶᠠᠨ ᠠᠨ ᠮᠧᠨ ᠲᠠᠯᠠᠪᠠᠢ ᠳᠤ ᠥᠩᠭᠡᠲᠦ ᠳ᠋ᠧᠩ ᠢ ᠭᠡᠷᠡᠯᠳᠦᠭᠦᠯᠵᠤ᠂ ᠠᠷᠠᠳ ᠤᠨ ᠶᠡᠭᠡ ᠬᠤᠷᠠᠯ ᠤᠨ ᠲᠠᠩᠬᠢᠮ ᠲᠥᠪ ᠬᠢᠴᠢᠶᠡᠩᠭᠦᠢ ᠪᠥᠭᠡᠳ ᠭᠡᠷᠡᠯ ᠳᠤᠸᠠᠯᠠᠵᠤ ᠪᠠᠶᠢᠯ᠎ᠠ᠃      ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠣᠯᠠᠨ ᠤᠯᠤᠰ ᠤᠨ ᠬᠦᠨᠳᠦᠲᠦ ᠵᠣᠴᠢᠳ ᠵᠢᠴᠢ ᠲᠡᠳᠡᠨ ᠤ ᠬᠠᠨᠢ ᠨᠥᠬᠦᠷ ᠬᠤᠶᠢᠨ᠎ᠠ ᠬᠤᠶᠢᠨ᠎ᠠ ᠠᠴᠠ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠦᠷᠴᠦ ᠢᠷᠡᠪᠡ᠃ ᠶᠣᠰᠣᠯᠠᠯ ᠤᠨ ᠴᠡᠷᠢᠭ ᠵᠢᠭᠰᠠᠵᠤ ᠶᠣᠰᠣᠯᠠᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ 150 ᠭᠠᠷᠤᠢ ᠤᠯᠤᠰ ᠤᠨ ᠤᠯᠤᠰ ᠤᠨ ᠲᠤᠭ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠭ ᠢ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠲᠡᠷᠢ ᠲᠡᠭᠰᠢ ᠮᠥᠷᠯᠡᠭᠦᠯᠦᠨ ᠪᠠᠶᠢᠷᠢᠯᠠᠭᠤᠯᠤᠭᠰᠠᠨ ᠨᠢ ᠰᠦᠷᠯᠢᠭ ᠦᠵᠡᠮᠵᠢᠲᠡᠢ ᠬᠠᠷᠠᠭᠳᠠᠨ᠎ᠠ᠃      ᠰᠢ ᠶᠢᠨ ᠫᠢᠩ ᠪᠣᠯᠣᠨ ᠫᠧᠩ ᠯᠢ ᠶᠤᠸᠠᠨ ᠭᠠᠳᠠᠭᠠᠳᠤ ᠶᠢᠨ ᠤᠳᠤᠷᠢᠳᠬᠤ ᠬᠥᠮᠥᠰ ᠪᠠ ᠲᠡᠳᠡᠨ ᠤ ᠬᠠᠨᠢ ᠨᠥᠬᠦᠷ ᠢ ᠬᠠᠯᠠᠭᠤᠨ ᠢᠶᠠᠷ ᠤᠭᠲᠤᠵᠤ᠂ ᠲᠡᠳᠡᠨ ᠲᠠᠢ ᠨᠢᠭᠡᠳ ᠨᠢᠭᠡ ᠪᠠᠷ ᠭᠠᠷ ᠠᠳᠬᠤᠭᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃      ᠵᠣᠴᠢᠨ ᠤᠭᠲᠤᠬᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ ᠠᠯᠳᠠᠨ ᠰᠢᠷᠭᠠᠯ ᠶᠡᠭᠡ ᠲᠢᠩᠬᠢᠮ ᠳᠤ ᠠᠯᠬᠤᠨ ᠣᠷᠣᠪᠠ᠃      ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠬᠦᠨᠳᠦᠲᠦ ᠵᠣᠴᠢᠳ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃  
     10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠵᠢᠷᠤᠭ ᠪᠣᠯ᠂ ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠬᠦᠨᠳᠦᠲᠦ ᠵᠣᠴᠢᠳ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ            ᠰᠢ ᠶᠢᠨ ᠫᠢᠩ᠂ ︽ᠬᠠᠪᠤᠷ ᠴᠡᠴᠡᠭᠯᠡᠵᠦ ᠨᠠᠮᠤᠷ ᠵᠢᠮᠢᠰᠯᠡᠨ᠎ᠡ︾᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠲᠤᠷᠰᠢ ᠳᠤᠮᠳᠠᠳᠤ ᠤᠯᠤᠰ ᠡᠯ᠎ᠡ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ ᠡᠶ᠎ᠡ ᠨᠠᠶᠢᠷᠲᠠᠢ ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠲᠣᠷᠭᠠᠨ ᠵᠠᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠲᠤ ᠪᠠᠷ ᠪᠦᠭᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠳᠤ ᠬᠦᠴᠦᠨ ᠴᠢᠳᠠᠯ ᠢᠶᠠᠨ ᠡᠷᠭᠦᠵᠦ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠲᠠᠪᠴᠠᠩ ᠪᠠᠶᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠥᠳᠡᠯᠭᠡᠬᠦ ᠬᠦᠴᠦᠨ ᠨᠡᠮᠡᠷᠢᠯᠡᠪᠡ᠃ ᠪᠢᠳᠡ ᠬᠡᠳᠦᠨ ᠮᠢᠩᠭᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠷᠦᠯ ᠵᠦᠢᠯ ᠢ ᠥᠷᠨᠢᠭᠦᠯᠵᠦ᠂ ᠦᠨᠡᠨ ᠪᠣᠳᠠᠲᠠᠢ᠂ ᠦᠯᠡᠮᠵᠢ ᠶᠡᠭᠡ ᠦᠷ᠎ᠡ ᠪᠦᠲᠦᠭᠡᠯ ᠣᠯᠵᠤ᠂ ᠳᠡᠯᠡᠬᠡᠢ ᠳ᠋ᠠᠬᠢᠨ ᠢ ᠬᠤᠯᠪᠣᠭᠰᠠᠨ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠰᠦᠷᠯᠢᠭ ᠦᠵᠡᠮᠵᠢᠲᠦ ᠬᠠᠭᠤᠳᠠᠰᠤ ᠶᠢ ᠬᠠᠮᠲᠤ ᠪᠠᠷ ᠵᠢᠷᠤᠭᠯᠠᠪᠠ᠃ ᠡᠳᠡᠭᠡᠷ ᠠᠮᠵᠢᠯᠲᠠ ᠶᠢ ᠡᠯ᠎ᠡ ᠤᠯᠤᠰ ᠤᠨ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠠᠷᠠᠳ ᠲᠦᠮᠡᠨ ᠠᠵᠢᠯᠴᠢ ᠭᠦᠳᠡᠯᠮᠦᠷᠢᠴᠢ ᠵᠠᠩ ᠴᠢᠨᠠᠷ᠂ ᠤᠶᠤᠨ ᠤᠬᠠᠭᠠᠨ᠂ ᠰᠥᠰᠥ ᠵᠣᠷᠢᠭ ᠢᠶᠠᠷ ᠢᠶᠠᠨ ᠬᠢᠵᠦ ᠪᠦᠲᠦᠭᠡᠭᠰᠡᠨ ᠶᠤᠮ︕ ᠪᠢᠳᠠ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠣᠷᠣᠯᠴᠠᠭᠴᠢ᠂ ᠪᠦᠲᠦᠭᠡᠨ ᠪᠠᠶᠢᠭᠤᠯᠤᠭᠴᠢ ᠳᠤ ᠬᠦᠨᠳᠦᠳᠬᠡᠯ ᠳᠡᠪᠰᠢᠭᠦᠯᠦᠶ᠎ᠡ︕ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠬᠥᠭᠵᠢᠯᠲᠡ ᠶᠢ ᠬᠥᠭᠡᠭᠡᠴᠡᠯᠳᠦᠵᠦ᠂ ᠬᠠᠮᠲᠤ ᠪᠠᠷ ᠠᠰᠢᠭ ᠭᠦᠷᠳᠡᠭᠦ ᠶᠢ ᠡᠷᠬᠢᠮᠯᠡᠵᠦ᠂ ᠬᠦᠰᠡᠯ ᠡᠷᠡᠮᠡᠯᠵᠡᠯ ᠢ ᠳᠠᠮᠵᠢᠭᠤᠯᠪᠠ᠃ ᠭᠠᠭᠴᠠ ᠬᠦ ᠬᠦᠴᠦᠷᠬᠡᠭᠵᠢᠬᠦ ᠪᠠᠷ ᠰᠢᠨᠲᠠᠷᠠᠰᠢ ᠦᠭᠡᠢ ᠴᠢᠷᠮᠠᠶᠢᠵᠤ᠂ ᠴᠥᠬᠦᠷᠡᠰᠢ ᠦᠭᠡᠢ ᠲᠡᠮᠡᠴᠡᠪᠡᠯ ᠰᠠᠶ᠋ᠢ ᠶᠡᠭᠡ ᠠᠮᠵᠢᠯᠲᠠ ᠪᠦᠲᠦᠮᠵᠢ ᠣᠯᠵᠤ᠂ ᠰᠠᠶ᠋ᠢ ᠮᠢᠩᠭᠠᠨ ᠭᠠᠯᠪᠠ ᠳᠤ ᠠᠰᠢᠭ ᠬᠦᠷᠲᠡᠭᠡᠬᠦ᠂ ᠠᠷᠠᠳ ᠲᠦᠮᠡᠨ ᠳᠤ ᠪᠤᠶᠠᠨ ᠦᠢᠯᠡᠳᠬᠦ ᠥᠨᠢᠳᠡ ᠶᠢᠨ ᠭᠠᠪᠢᠶ᠎ᠠ ᠶᠢ ᠪᠠᠶᠢᠭᠤᠯᠵᠤ ᠴᠢᠳᠠᠨ᠎ᠠ᠃ ᠡᠨᠡ ᠪᠣᠯ ᠮᠠᠨ ᠤ ᠡᠨᠡ ᠦᠶ᠎ᠡ ᠶᠢᠨ ᠤᠯᠤᠰ ᠲᠥᠷᠥᠴᠢᠳ ᠤᠨ ᠣᠳᠣ ᠦᠶ᠎ᠡ ᠶᠢᠨ ᠬᠥᠮᠥᠰ ᠪᠠ ᠬᠤᠶᠢᠴᠢ ᠦᠶ᠎ᠡ ᠶᠢᠨ ᠬᠥᠮᠥᠰ ᠲᠤ ᠬᠠᠷᠢᠭᠤᠴᠠᠬᠤ ᠬᠠᠷᠢᠭᠤᠴᠠᠯᠭ᠎ᠠ ᠮᠥᠨ᠃ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠠᠩᠬᠠᠨ ᠤ ᠬᠤᠭᠤᠴᠠᠭᠠᠨ ᠤ ᠥᠷᠨᠢᠩᠭᠦᠢ ᠬᠥᠭᠵᠢᠭᠰᠡᠨ ᠠᠷᠪᠠᠨ ᠵᠢᠯ ᠢ ᠳᠤᠭᠤᠯᠵᠤ᠂ ᠶᠠᠭ ᠰᠠᠶᠢᠬᠠᠨ ᠬᠥᠭᠵᠢᠯ ᠪᠠᠳᠠᠷᠠᠯ ᠤᠨ ᠦᠶ᠎ᠡ ᠳᠡᠭᠡᠨ ᠪᠠᠶᠢᠨ᠎ᠠ᠂ ᠣᠮᠤᠭ ᠪᠠᠳᠠᠷᠠᠩᠭᠤᠢ ᠡᠷᠡᠮᠡᠬᠡᠶᠢᠯᠡᠨ ᠤᠷᠤᠭᠰᠢᠯᠠᠵᠤ᠂ ᠲᠠᠷᠠᠭᠠᠴᠢ ᠶᠢᠨ ᠰᠢᠵᠢᠷ ᠠᠯᠲᠠᠨ ᠠᠷᠪᠠᠨ ᠵᠢᠯ ᠢ ᠵᠣᠷᠢᠵᠠᠭᠠᠶ᠎ᠠ︕ ᠭᠡᠵᠦ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠡᠩᠬᠡ ᠲᠠᠶᠢᠪᠤᠩ ᠪᠢᠰᠢ᠂ ᠳᠡᠯᠡᠬᠡᠢ ᠶᠢᠨ ᠠᠵᠤ ᠠᠬᠤᠢ ᠶᠢᠨ ᠤᠷᠤᠭᠤᠳᠠᠬᠤ ᠳᠠᠷᠤᠯᠲᠠ ᠨᠡᠮᠡᠭᠳᠡᠵᠦ᠂ ᠪᠦᠭᠦ ᠪᠥᠮᠪᠥᠷᠴᠡᠭ ᠤᠨ ᠬᠥᠭᠵᠢᠯᠲᠡ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠭᠡᠪᠡᠴᠦ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠬᠤᠷᠢᠭᠯᠠᠭᠳᠠᠰᠢ ᠦᠭᠡᠢ᠂ ᠡᠯ᠎ᠡ ᠤᠯᠤᠰ ᠤᠨ ᠬᠠᠮᠲᠤ ᠪᠠᠷ ᠬᠥᠭᠵᠢᠨ ᠴᠡᠴᠡᠭᠯᠡᠬᠦ ᠶᠢ ᠪᠡᠶᠡᠯᠡᠭᠦᠯᠬᠦ ᠬᠦᠰᠡᠯ ᠡᠷᠡᠮᠡᠯᠵᠡᠯ ᠬᠤᠷᠢᠭᠯᠠᠭᠳᠠᠰᠢ ᠦᠭᠡᠢ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ ᠭᠠᠭᠴᠠ ᠬᠦ ᠪᠢᠳᠡ ᠬᠠᠮᠲᠤᠷᠠᠯᠴᠠᠭᠠᠨ ᠤ ᠤᠭ ᠰᠠᠨᠠᠭ᠎ᠠ ᠪᠠᠨ ᠪᠠᠲᠤ ᠰᠠᠬᠢᠵᠤ᠂ ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠷᠪᠡᠯ ᠯᠠᠪᠲᠠᠢ ᠴᠠᠭ ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠪᠢᠳᠡᠨ ᠤ ᠬᠠᠮᠲᠤ ᠶᠢᠨ ᠴᠢᠷᠮᠠᠶᠢᠯᠭ᠎ᠠ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠴᠦ ᠴᠢᠳᠠᠨ᠎ᠠ︕ ᠭᠡᠵᠦ ᠵᠢᠭᠠᠵᠤ ᠭᠠᠷᠭᠠᠪᠠ᠃      ᠳᠠᠶᠢᠯᠠᠯᠭ᠎ᠠ ᠶᠢᠨ ᠲᠠᠷᠠᠭ᠎ᠠ᠂ ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ ︽ᠲᠣᠷᠭᠠᠨ ᠵᠠᠮ ᠢᠶᠠᠷ ᠬᠠᠮᠲᠤ ᠤᠷᠤᠭᠰᠢᠯᠠᠶ᠎ᠠ︾ ᠭᠡᠬᠦ ᠤᠷᠠᠨ ᠰᠠᠶᠢᠬᠠᠨ ᠤ ᠲᠣᠬᠯᠠᠯᠲᠠ ᠶᠢ ᠰᠣᠨᠢᠷᠬᠠᠵᠤ᠂ ︽ᠨᠢᠭᠡ ᠪᠦᠰᠡ ᠨᠢᠭᠡ ᠵᠠᠮ︾ ᠤᠨ ᠤᠯᠤᠰ ᠤᠳ ᠤᠨ ᠲᠠᠩᠰᠤᠭ ᠰᠠᠶᠢᠬᠠᠨ ᠪᠣᠯᠪᠠᠰᠤᠨ ᠪᠣᠯᠣᠨ ᠭᠡᠷᠡᠯ ᠰᠠᠴᠤᠷᠠᠩᠭᠤᠢ ᠰᠣᠶᠣᠯ ᠤᠨ ᠰᠣᠯᠢᠯᠴᠠᠭ᠎ᠠ ᠲᠣᠯᠢᠯᠠᠯ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠲᠡᠦᠬᠡ ᠶᠢ ᠣᠶᠢᠯᠠᠭᠠᠨ ᠮᠡᠳᠡᠷᠡᠪᠡ᠃      ᠸᠠᠩ ᠢ᠂ ᠶᠢᠨ ᠯᠢ᠂ ᠯᠢ ᠱᠣ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号