ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2023/10/19
     10 ᠰᠠᠷ᠎ᠠ ᠶᠢᠨ 13 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠢᠩ ᡁᠢ ᠾᠧᠩ᠂ ᠯᠢᠦᠢ ᠪᠢᠶᠣᠣ᠂ ᠯᠢ ᠬᠤᠶ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠠᠩ ᠶᠦᠩ ᠭᠠᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠵᠤ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ  ᠶᠢ ᠰᠣᠨᠣᠰᠴᠤ ᠬᠢᠨᠠᠨ ᠶᠠᠷᠢᠯᠴᠠᠪᠠ︔ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠬᠦ ᠰᠢᠶᠠᠨ ᠳᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠦᠴᠦᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠰᠤᠨ ᠳᠤ ᠦᠯᠤ ᠬᠥᠷᠦᠭᠰᠡᠳ ᠢ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠵᠢᠴᠢ ᠦᠴᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ᠃      ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠭᠰᠠᠨ ᠪᠥᠭᠡᠳ ᠲᠤᠰᠢᠶᠠᠯ ᠳᠤ ᠲᠣᠮᠢᠯᠠᠭᠳᠠᠭᠰᠠᠨ ᠬᠥᠮᠥᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠲᠤᠰᠢᠶᠠᠯ ᠳᠤ ᠲᠣᠮᠢᠯᠠᠭᠳᠠᠭᠰᠠᠨ ᠬᠥᠮᠥᠰ ᠤᠨ ᠲᠥᠯᠥᠭᠡᠯᠡᠭᠴᠢ ᠲᠤᠰᠢᠶᠠᠯ ᠡᠭᠦᠷᠭᠡᠯᠡᠬᠦ ᠶᠠᠷᠢᠶ᠎ᠠ ᠲᠠᠯᠪᠢᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号