ᠬᠠᠳᠠ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/10/19
     10 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠭᠦᠨᠵᠡᠭᠡᠶᠢᠷᠡᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠬᠠᠳᠠ ᠨᠠᠷ ᠡᠯ᠎ᠡ ᠴᠣᠩᠬᠤᠪᠴᠢ ᠶᠢᠨ ᠦᠢᠯᠡᠴᠢᠯᠡᠭᠡᠨ ᠤ ᠵᠦᠢᠯᠡᠰ᠂ ᠬᠡᠷᠡᠭ ᠡᠷᠬᠢᠯᠡᠬᠦ ᠶᠠᠪᠤᠴᠠ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠭᠦᠯᠡᠬᠦ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠶᠢ ᠰᠣᠨᠣᠰᠪᠠ᠃ ᠡᠭᠦᠨ ᠤ ᠳᠠᠷᠠᠭ᠎ᠠ ᠪᠠᠷ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠬᠠᠳᠠ ᠱᠠᠭᠠᠷᠳᠠᠭᠰᠠᠨ ᠨᠢ᠂ ᠦᠢᠯᠡᠴᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠦᠵᠡᠯ ᠰᠠᠨᠠᠭ᠎ᠠ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠨ᠂ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠵᠤ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠣᠯᠠᠨ ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢ ᠦᠨᠡᠨᠬᠦ ᠪᠡᠶᠡᠯᠡᠭᠦᠯᠵᠦ᠂ ᠦᠨᠡᠨᠬᠦ ︽ᠰᠡᠳᠬᠢᠯ ᠲᠠᠯᠪᠢᠨ ᠬᠦᠴᠦ ᠲᠠᠯᠪᠢᠨ᠂ ᠥᠨᠳᠥᠷ ᠪᠦᠲᠦᠮᠵᠢᠲᠡᠶ ᠪᠠᠷ ᠠᠷᠠᠳ ᠲᠤ ᠲᠥᠬᠦᠮ ᠦᠵᠡᠭᠦᠯᠬᠦ︾ ᠶᠢ ᠪᠡᠶᠡᠯᠡᠭᠦᠯᠬᠦ ᠬᠡᠷᠡᠭᠲᠡᠢ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠳᠡᠭᠡᠨ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠦᠨ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠦᠨᠡᠨᠬᠦ ᠪᠡᠶᠡᠯᠡᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠷᠭ᠎ᠠ ᠬᠡᠯᠪᠡᠷᠢ ᠳᠡᠭᠡᠨ ᠰᠢᠨ᠎ᠡ ᠶᠢ ᠡᠭᠦᠳᠴᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠠᠵᠢᠯ ᠣᠯᠭᠤᠬᠤ᠂ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠲᠡᠷᠢᠭᠦᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ  ᠬᠦᠷᠲᠡᠭᠡᠬᠦ ᠬᠡᠷᠡᠭᠲᠡᠢ᠃      ᠡᠳ᠋ ᠤᠨ ᠵᠠᠰᠠᠭ ᠤᠨ ᠲᠣᠪᠴᠢᠶ᠎ᠠ ᠳᠤ᠂ ᠬᠠᠳᠠ ᠨᠠᠷ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠳᠤ ᠣᠷᠣᠯᠴᠠᠵᠤ᠂ ᠡᠭᠦᠨ ᠤ ᠬᠠᠮᠲᠤ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠂ ᠬᠠᠳᠠ ᠱᠠᠭᠠᠷᠳᠠᠭᠰᠠᠨ  ᠨᠢ᠂ ᠣᠨᠣᠯ ᠤᠨ ᠰᠤᠷᠤᠯᠴᠠᠯᠭ᠎ᠠ ᠶᠢ ᠦᠷᠭᠦᠯᠵᠢᠯᠡᠨ ᠠᠬᠢᠭᠤᠯᠵᠤ᠂ ᠲᠥᠪᠯᠡᠷᠡᠩᠭᠦᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠥᠪᠡᠷ ᠢᠶᠠᠨ ᠰᠤᠷᠤᠯᠴᠠᠬᠤ ᠶᠢ ᠰᠠᠶᠢᠲᠤᠷ ᠠᠳᠬᠤᠬᠤ ᠪᠠᠷ ᠳᠠᠮᠵᠢᠭᠤᠯᠤᠨ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠵᠡᠷᠭᠡ ᠭᠤᠣᠯᠳᠠᠯᠭ᠎ᠠ ᠲᠠᠢ ᠨᠣᠮ ᠢ ᠭᠦᠨᠵᠡᠭᠡᠢ ᠰᠤᠳᠤᠯᠤᠨ ᠤᠩᠰᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠡᠨᠬᠦ ᠡᠷᠡᠰ ᠪᠠᠲᠤ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠰᠢᠵᠦ᠂ ᠭᠤᠣᠯ ᠰᠡᠳᠦᠪᠲᠦ ᠬᠥᠮᠦᠵᠢᠯ ᠪᠣᠯᠣᠨ ᠡᠳ᠋ ᠤᠨ ᠵᠠᠰᠠᠭ ᠤᠨ ᠭᠤᠣᠯ ᠠᠵᠢᠯ ᠢ ᠨᠢᠭᠲᠠ ᠤᠶᠠᠯᠳᠤᠭᠤᠯᠵᠤ᠂ ᠡᠳ᠋ ᠤᠨ ᠵᠠᠰᠠᠭ ᠤᠨ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯᠳᠠᠯᠭ᠎ᠠ ᠲᠠᠢ ᠪᠠᠷ ᠲᠤᠰᠬᠠᠢ ᠰᠡᠳᠦᠪᠲᠦ ᠰᠤᠷᠤᠯᠴᠠᠯᠭ᠎ᠠ ᠶᠢ ᠬᠢᠵᠦ᠂ ᠤᠨᠤᠯ ᠤᠨ ᠰᠤᠷᠤᠯᠴᠠᠯᠭ᠎ᠠ ᠪᠠᠷ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠶᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠪᠣᠯᠣᠨ ᠡᠳ᠋ ᠤᠨ ᠵᠠᠰᠠᠭ ᠤᠨ ᠭᠤᠣᠯ ᠠᠵᠢᠯ ᠤᠨ ᠬᠠᠷᠢᠯᠴᠠᠨ ᠠᠭᠤᠰᠤᠯᠴᠠᠬᠤ᠂ ᠬᠠᠷᠢᠯᠴᠠᠨ ᠠᠬᠢᠭᠤᠯᠬᠤ ᠶᠢ ᠲᠦᠯᠬᠢᠨ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠤᠨᠤᠯ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ ᠶᠢ ᠤᠶᠠᠯᠳᠤᠭᠤᠯᠵᠤ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠳᠠᠮᠵᠢᠨ᠂ ᠪᠡᠯᠡ ᠮᠥᠩᠭᠦ ᠶᠢᠨ ᠲᠦᠷᠦᠯ ᠵᠦᠢᠯ ᠢ ᠲᠡᠮᠡᠴᠡᠨ ᠣᠯᠬᠤ᠂ ᠡᠳ᠋ ᠤᠨ ᠵᠠᠰᠠᠭ ᠤᠨ ᠵᠠᠷᠤᠯᠭ᠎ᠠ ᠶᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠨᠠᠭᠰᠢᠳᠠ ᠰᠠᠶᠢᠲᠤᠷ ᠬᠢᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号