ᠶᠠᠩ ᠰᠢᠩ ᠱᠧᠩ ᠦᠴᠦᠸᠠᠨ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/10/19
     10 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠥᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃
     ᠶᠠᠩ ᠰᠢᠩ ᠱᠧᠩ ︽ᠦᠵᠡᠯ ᠰᠠᠨᠠᠭ᠎ᠠ ᠶᠢ ᠰᠤᠷᠤᠯᠴᠠᠬᠤ︾ ᠶᠢᠨ ᠲᠣᠭᠤᠷᠢᠨ ᠳᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠥᠷᠭᠡᠨ ᠳᠡᠯᠭᠡᠷ ᠭᠦᠨ ᠭᠦᠨᠵᠡᠭᠡᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠰᠢᠨᠵᠢᠯᠡᠬᠦ ᠤᠬᠠᠭᠠᠨᠴᠢ ᠣᠨᠣᠯ ᠤᠨ ᠰᠢᠰᠲ᠋ᠧᠮ ᠮᠥᠨ᠂ ︽ᠶᠠᠭᠤ ᠶᠢ ᠰᠤᠷᠤᠯᠴᠠᠬᠤ︾ ᠳᠤ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠵᠤ᠂ ᠭᠤᠣᠯ ᠴᠢᠬᠤᠯᠠ ᠠᠭᠤᠯᠭ᠎ᠠ ᠶᠢ ᠦᠨᠡᠨᠬᠦ ᠡᠵᠡᠮᠰᠢᠬᠦ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠡᠵᠡᠮᠰᠢᠵᠦ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ︽ᠶᠠᠭᠠᠬᠢᠵᠤ ᠠᠵᠢᠯᠯᠠᠬᠤ︾ ᠳᠤ ᠮᠡᠳᠡᠬᠦᠢ ᠬᠢᠬᠦᠢ ᠶᠢ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠪᠣᠳᠠᠲᠠᠢ ᠠᠵᠢᠯ ᠤᠨ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠬᠤᠶᠠᠷ ᠲᠠᠯ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠭᠰᠡᠨ ᠪᠠᠶᠢᠨ᠎ᠠ᠃      ᠲᠡᠷᠡ ᠬᠡᠯᠡᠬᠦ ᠳᠡᠭᠡᠨ᠂ ︽ᠦᠵᠡᠯ ᠰᠠᠨᠠᠭ᠎ᠠ ᠶᠢ ᠰᠤᠷᠤᠯᠴᠠᠬᠤ︾ ᠪᠣᠯ ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠤᠨ ᠲᠦᠷᠦᠭᠦᠨ ᠤ᠂ ᠶᠡᠷᠦᠩᠬᠡᠶᠢᠯᠡᠭᠰᠡᠨᠨ ᠱᠠᠭᠠᠷᠳᠠᠯᠭ᠎ᠠ ᠮᠥᠷᠲᠡᠭᠡᠨ ᠪᠠᠰᠠ ᠴᠤ ᠠᠯᠢᠪᠠ ᠠᠵᠢᠯ ᠢ ᠰᠠᠶᠢᠲᠤᠷ ᠬᠢᠬᠦ ᠶᠢᠨ ᠤᠷᠢᠲᠠᠯ ᠰᠠᠭᠤᠷᠢ ᠮᠥᠨ᠃ ᠪᠦᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ︽ᠠᠷᠪᠠᠨ ᠲᠣᠳᠣᠷᠬᠠᠶᠢᠯᠠᠯᠲᠠ︾᠂ ︽ᠠᠷᠪᠠᠨ ᠲᠦᠷᠪᠡᠨ ᠪᠠᠷᠢᠮᠲᠠᠯᠠᠯ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ︾᠂ ︽ᠵᠢᠷᠭᠤᠭᠠᠨ ᠡᠷᠬᠡᠪᠰᠢ ᠪᠠᠷᠢᠮᠲᠠᠯᠠᠬᠤ︾ ᠭᠤᠣᠯ ᠠᠭᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠡᠵᠡᠮᠰᠢᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠵᠣᠭᠰᠣᠯᠲᠠ ᠦᠵᠡᠯᠲᠡ ᠠᠷᠭ᠎ᠠ ᠶᠢ ᠦᠨᠡᠨᠬᠦ ᠡᠵᠡᠮᠰᠢᠵᠦ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠬᠤ ᠬᠡᠷᠡᠭᠲᠡᠢ ᠭᠡᠵᠠᠢ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠦᠨᠳᠦᠰᠦᠲᠡᠨ ᠤ ᠬᠠᠭᠤᠳᠠᠰᠤ︾ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠤᠯᠤᠰ ᠲᠦᠷᠦ᠂ ᠪᠠᠶᠢᠯᠳᠤᠬᠤ ᠪᠣᠳᠣᠯᠭ᠎ᠠ᠂ ᠪᠦᠬᠦ ᠲᠠᠯ᠎ᠠ ᠶᠢᠨ ᠥᠨᠳᠥᠷᠴᠡ ᠳᠤ ᠵᠣᠭᠰᠣᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠦᠨᠳᠦᠰᠦᠲᠡᠨ ᠤ ᠬᠠᠭᠤᠳᠠᠰᠤ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠦᠯᠢᠭᠡᠷ ᠳᠠᠭᠤᠷᠢᠶᠠᠯ ᠪᠣᠯᠵᠤ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠥᠪᠥᠷ ᠮᠣᠩᠭᠤᠯ ᠤᠨ ᠬᠠᠭᠤᠳᠠᠰᠤ︾ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠶᠠᠷᠢᠶ᠎ᠠ ᠶᠢ ᠲᠡᠷᠡ ᠬᠡᠪ ᠢᠶᠠᠷ ᠨᠢ ᠰᠤᠷᠤᠯᠴᠠᠬᠤ ᠪᠠᠷ ᠪᠠᠷᠠᠬᠤ ᠦᠭᠡᠢ ᠪᠠᠰᠠ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢᠯᠠᠯ ᠢ ᠭᠦᠨᠵᠡᠭᠡᠢ ᠣᠶᠢᠯᠠᠭᠠᠵᠤ᠂ ᠡᠭᠦᠨ ᠤ ᠳᠤᠮᠳᠠ ᠠᠴᠠ ᠵᠢᠮ᠎ᠡ ᠶᠣᠰᠣ ᠶᠢ ᠣᠶᠢᠯᠠᠭᠠᠵᠤ᠂ ᠴᠢᠭᠯᠡᠯ ᠢ ᠲᠣᠳᠣᠷᠬᠠᠶᠢᠯᠠᠵᠤ᠂ ᠠᠷᠭ᠎ᠠ ᠶᠢ ᠰᠤᠷᠤᠯᠴᠠᠵᠤ᠂ ᠤᠶᠤᠨ ᠤᠬᠠᠭᠠᠨ ᠢᠶᠠᠨ ᠨᠡᠮᠡᠭᠳᠡᠭᠦᠯᠵᠦ᠂ ᠲᠡᠭᠦᠨ ᠢ ᠠᠵᠢᠯ ᠢᠶᠠᠨ ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠡᠷᠳᠡᠮ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠬᠥᠭᠵᠢᠯᠲᠡ ᠶᠢ ᠶᠡᠭᠡ ᠪᠠᠷ ᠠᠳᠬᠤᠬᠤ ᠲᠣᠭᠲᠠᠯ ᠬᠦᠴᠦᠨ ᠢ ᠪᠠᠲᠤᠯᠠᠵᠤ᠂ ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠣᠨᠴᠠᠯᠢᠭᠲᠤ ᠠᠵᠤ ᠦᠢᠯᠡᠰ ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠬᠢᠴᠠ ᠶᠢ ᠲᠦᠷᠭᠡᠳᠬᠡᠬᠦ ᠶᠢᠨ ᠲᠣᠭᠤᠷᠢᠨ ᠳᠤ᠂ ᠢᠷᠡᠬᠦ ᠵᠢᠯ ᠤᠨ ᠲᠥᠷᠥᠯ ᠵᠦᠢᠯ ᠢ ᠨᠥᠭᠡᠴᠡᠯᠡᠬᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠬᠦ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠨᠢᠮᠪᠠᠢ ᠰᠤᠳᠤᠯᠤᠨ ᠰᠦᠪᠡᠭᠴᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠳᠠᠶᠢᠴᠢᠯᠠᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡᠮ ᠳᠤᠨᠢ ᠬᠠᠷᠠᠭᠠᠯᠵᠠᠬᠤ ᠶᠢ ᠰᠤᠷᠴᠤ᠂ ᠠᠵᠤ ᠠᠬᠤᠢ ᠶᠢ ᠰᠠᠶᠢᠲᠤᠷ ᠠᠳᠬᠤᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠦᠨᠳᠦᠰᠦᠨ ᠱᠠᠲᠤᠨ ᠤ ᠵᠠᠰᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ︽ᠰᠢᠯᠭᠠᠯᠲᠠ ᠶᠢᠨ ᠬᠠᠭᠤᠳᠠᠰᠤ ᠲᠤᠰᠢᠶᠠᠬᠤ ᠪᠠ ᠳᠠᠩᠰᠠ ᠴᠠᠶᠢᠯᠭᠠᠬᠤ︾ ᠤᠬᠠᠮᠰᠠᠷ ᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠰᠠᠶᠢᠨ ᠢᠶᠠᠷ ᠡᠬᠢᠯᠡᠭᠦᠯᠦᠨ ᠰᠠᠶᠢᠨ ᠢᠶᠠᠷ ᠲᠡᠭᠦᠰᠬᠡᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号