ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ 11 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/19
     10 ᠰᠠᠷ᠎ᠠ ᠶᠢᠨ 17  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ 11 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾ ᠶᠢ ᠤᠯᠠᠮᠵᠢᠯᠠᠨ ᠰᠤᠷᠤᠯᠴᠠᠭᠰᠠᠨ ᠪᠥᠭᠡᠳ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ︔ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠤᠤ ᠯᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠸᠧᠢ ︽ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠣᠶᠣᠨ ᠰᠠᠨᠠᠭᠠᠨ ᠤ ᠴᠠᠳᠢᠭ ᠢ ᠭᠦᠨᠵᠡᠭᠡᠢ ᠰᠤᠷᠤᠯᠴᠠᠨ ᠣᠶᠢᠯᠠᠭᠠᠵᠤ᠂ ᠢᠯᠡ ᠲᠣᠳᠣ ᠤᠯᠤᠰ ᠲᠦᠷᠦ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠬᠤ︾ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ︔ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ ︽ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ︾ ᠶᠢ ᠤᠯᠠᠮᠵᠢᠯᠠᠨ ᠰᠤᠷᠤᠯᠴᠠᠭᠰᠠᠨ ᠪᠥᠭᠡᠳ ︽ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ︔ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠦᠶ ᠭᠦᠸᠧ ᠰᠢᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ︽ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠶᠢᠨ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠢᠮᠠᠭᠲᠠ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠥᠨᠳᠥᠷᠴᠡ ᠳᠤ ᠵᠣᠭᠰᠣᠵᠤ᠂ ᠤᠯᠤᠰ ᠤᠨ ᠠᠮᠤᠷ ᠲᠦᠪᠰᠢᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠨ ᠡᠵᠡᠮᠳᠡᠬᠦ ᠬᠡᠷᠡᠭᠲᠡᠢ᠂ ᠦᠴᠦᠸᠠᠨ ᠰᠢᠶᠠᠨ ᠶᠠᠭ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠳᠬᠤᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠳᠬᠤᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠡᠯ᠎ᠡ ᠬᠦᠷᠢᠶᠡᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠡᠭᠦᠷᠭᠡ ᠬᠠᠲᠠᠭᠤ ᠪᠡᠷᠬᠡ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠡᠯᠪᠡᠭ ᠪᠠᠶᠠᠯᠢᠭ ᠠᠭᠤᠯᠤᠭᠳᠠᠬᠤᠨ ᠢ ᠣᠨᠣᠪᠴᠢᠲᠠᠶ ᠡᠵᠡᠮᠰᠢᠵᠦ᠂ ᠬᠥᠭᠵᠢᠯᠲᠡ ᠶᠢ ᠠᠳᠬᠤᠬᠤ᠂ ᠲᠣᠭᠲᠠᠭᠤᠨ ᠪᠠᠶᠢᠳᠠᠯ ᠢ ᠠᠳᠬᠤᠬᠤ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠦᠨᠳᠦᠰᠦᠲᠡᠨ ᠱᠠᠰᠢᠨ ᠰᠤᠷᠲᠠᠬᠤᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠤᠯᠤᠰ ᠤᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠶᠢ ᠦᠨᠡᠨᠴᠢ ᠰᠢᠳᠤᠷᠭᠤ ᠪᠠᠷ ︽ᠬᠤᠶᠠᠷ ᠢ ᠲᠣᠭᠲᠠᠭᠠᠭᠰᠠᠨ︾ ᠢ ᠬᠠᠮᠠᠭᠠᠯᠠᠬᠤ ᠪᠣᠯᠭᠠᠵᠤ᠂ ︽ᠬᠤᠶᠠᠷ ᠢ ᠬᠠᠮᠠᠭᠠᠯᠠᠬᠤ︾ ᠠᠮᠢᠳᠤᠯᠢᠭ ᠦᠢᠯᠡᠳᠦᠯᠭᠡ ᠶᠢ ᠡᠷᠡᠰ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠯᠤᠰ ᠤᠨ ᠠᠮᠤᠷ ᠲᠦᠪᠰᠢᠨ ᠤ ᠡᠯ᠎ᠡ ᠬᠦᠷᠢᠶᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠢᠮᠠᠭᠲᠠ ᠦᠢᠯᠡᠳᠦᠯᠭᠡᠵᠢᠭᠦᠯᠵᠦ᠂ ︽ᠶᠡᠷᠦᠩᠬᠡᠢ︾ ᠡᠨᠡᠬᠦ ᠵᠠᠩᠭᠢᠯᠠᠭ᠎ᠠ ᠶᠢ ᠰᠠᠶᠢᠲᠤᠷ ᠡᠵᠡᠮᠳᠡᠵᠦ᠂ ᠶᠡᠭᠡ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠦᠨᠳᠦᠰᠦᠲᠡᠨ ᠪᠠ ᠱᠠᠰᠢᠨ ᠰᠤᠷᠲᠠᠬᠤᠨ ᠤ ᠠᠮᠤᠷ ᠲᠦᠪᠰᠢᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠳᠤ ᠵᠣᠭᠰᠣᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠰᠠᠶᠢᠲᠤᠷ ᠭᠦᠢᠴᠡᠳᠬᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠱᠠᠭᠠᠷᠳᠠᠯᠭ᠎ᠠ ᠶᠢ ᠬᠦᠷᠢᠶ᠎ᠡ ᠨᠢᠭᠡᠪᠦᠷᠢ᠂ ᠠᠵᠢᠯ ᠲᠦᠷᠦᠯ ᠨᠢᠭᠡᠪᠦᠷᠢ ᠳᠤ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号