ᠦᠴᠦᠸᠠᠨ ᠰᠢᠶᠠᠨ ᠤ ᠭᠠᠵᠠᠷ ᠤᠨ ᠳᠡᠰ ᠤᠨ ᠤᠳᠤᠷᠢᠳᠬᠤ ᠨᠥᠬᠦᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/19
     10 ᠳ᠋ᠤᠭᠠᠷ ᠰᠠᠷ᠎ᠠ ᠶᠢᠨ 17 ᠤ ᠡᠳᠦᠷ᠂ ᠦᠴᠦᠸᠠᠨ ᠰᠢᠶᠠᠨ ᠤ ᠭᠠᠵᠠᠷ ᠤᠨ ᠲᠠᠰ ᠤᠨ ᠤᠳᠤᠷᠢᠳᠬᠤ ᠨᠥᠬᠦᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠠᠭᠤᠤ ᠶᠡᠭᠡ ᠵᠣᠷᠢᠭ ᠰᠠᠨᠠᠭ᠎ᠠ ᠪᠠᠷ ᠠᠭᠤᠤ ᠶᠡᠭᠡ ᠦᠢᠯᠡᠰ ᠢ ᠬᠥᠲᠥᠯᠥᠨ ᠳᠠᠭᠠᠭᠤᠯᠤᠶ᠎ᠠ︾ ︱ ᠳᠤᠮᠳᠠᠳᠤ ᠤᠯᠤᠰ ᠤᠨ ᠡᠪ ᠬᠠᠮᠲᠤᠴᠤᠳ ᠤᠨ ᠣᠶᠣᠨ ᠰᠠᠨᠠᠭᠠᠨ ᠤ ᠴᠠᠳᠢᠭ ᠤᠨ ᠭᠤᠣᠯ ᠰᠡᠳᠦᠪᠲᠦ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃ ᠦᠴᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠣᠣ ᠯᠢᠨ ᠵᠡᠷᠭᠡ ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃
     ᠲᠣᠭᠤᠷᠢᠨ ᠦᠵᠡᠬᠦ ᠶᠠᠪᠤᠴᠠ ᠳᠤ᠂ ᠣᠯᠠᠨ ᠢᠶᠠᠷ ᠢᠶᠠᠨ ᠦᠵᠡᠰᠬᠦᠯᠡᠩ ᠤᠨ ᠵᠠᠮ ᠢᠶᠠᠷ ᠲᠠᠪᠤᠨ ᠶᠡᠭᠡ ᠦᠵᠡᠰᠬᠦᠯᠡᠩ ᠤᠨ ᠲᠣᠭᠤᠷᠢᠭ ᠲᠤ ᠨᠢᠭᠡᠳ ᠨᠢᠭᠡ ᠪᠠᠷ ᠣᠷᠣᠵᠤ᠂ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠦᠵᠡᠰᠬᠦᠯᠡᠩ ᠢ ᠨᠠᠷᠢᠨ ᠨᠢᠮᠪᠠᠢ ᠦᠵᠡᠵᠦ᠂ ᠨᠢᠭᠡ ᠨᠢᠭᠡ ᠪᠣᠳᠠᠲᠤ ᠪᠣᠳᠠᠰ ᠤᠨ ᠦᠵᠡᠰᠬᠦᠯᠡᠩ ᠤᠨ ᠡᠳ᠋᠂ ᠨᠢᠭᠡ ᠨᠢᠭᠡ ᠬᠤᠪᠣᠷ ᠨᠠᠨᠳᠢᠨ ᠭᠡᠷᠡᠯ ᠵᠢᠷᠤᠭ᠂ ᠨᠢᠭᠡ ᠨᠢᠭᠡ ᠰᠡᠳᠬᠢᠯ ᠬᠥᠳᠡᠯᠭᠡᠮ᠎ᠡ ᠦᠯᠢᠭᠡᠷ ᠢᠶᠠᠷ ᠳᠠᠮᠵᠢᠭᠤᠯᠤᠨ᠂ ᠠᠩᠬᠠᠨ ᠤ ᠪᠦᠯᠦᠭ ᠤᠨ ᠳᠤᠮᠳᠠᠳᠤ ᠤᠯᠤᠰ ᠤᠨ ᠡᠪ ᠬᠠᠮᠲᠤᠴᠤᠳ ᠤᠨ ᠣᠶᠣᠨ ᠰᠠᠨᠠᠭᠠᠨ ᠤ ᠴᠠᠳᠢᠭ ᠲᠤ ᠣᠷᠣᠭᠤᠯᠤᠭᠰᠠᠨ ︽ᠨᠠᠮ ᠪᠠᠶᠢᠭᠤᠯᠬᠤ ᠵᠣᠷᠢᠭ ᠰᠠᠨᠠᠭ᠎ᠠ︾᠂ ︽ᠵᠢᠩᠭᠠᠩᠱᠠᠨ ᠤ ᠵᠣᠷᠢᠭ ᠰᠠᠨᠠᠭ᠎ᠠ︾ ᠵᠡᠷᠭᠡ 46 ᠵᠦᠢᠯ ᠤᠨ ᠵᠣᠷᠢᠭ ᠰᠠᠨᠠᠭᠠᠨ ᠤ ᠪᠤᠶ ᠪᠣᠯᠤᠭᠰᠠᠨ ᠲᠡᠦᠬᠡᠨ ᠠᠬᠤᠢ ᠪᠠᠶᠢᠳᠠᠯ᠂ ᠪᠦᠷᠢᠯᠳᠦᠭᠰᠡᠨ ᠶᠠᠪᠤᠴᠠ ᠶᠢ ᠨᠠᠷᠢᠨ ᠣᠶᠢᠯᠠᠭᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾  ᠶᠢᠨ ᠥᠪᠡᠷᠮᠢᠴᠡ ᠦᠷᠳᠡᠭ ᠪᠣᠯᠣᠨ ᠴᠠᠭ ᠦᠶ᠎ᠡ ᠶᠢᠨ ᠠᠭᠤᠯᠤᠭᠳᠠᠬᠤᠨ ᠠᠴᠠ ᠵᠠᠭᠤᠨ ᠵᠢᠯ ᠤᠨ ᠲᠡᠮᠡᠴᠡᠯ ᠤᠨ ᠠᠶᠠᠨ ᠳᠠᠬᠢ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠴᠥᠬᠦᠷᠡᠰᠢ ᠦᠭᠡᠢ ᠲᠡᠮᠡᠴᠡᠵᠦ᠂ ᠭᠤᠶᠠᠴᠢ ᠦᠭᠡᠢ ᠵᠢᠳᠬᠦᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠦᠨᠡᠨᠬᠦ ᠮᠡᠳᠡᠷᠡᠵᠦ᠂ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠣᠯᠣᠨ ᠦᠵᠡᠯ ᠰᠠᠨᠠᠭᠠᠨ ᠤ ᠳᠠᠪᠲᠠᠯᠲᠠ ᠶᠢ ᠭᠥᠷᠳᠡᠭᠰᠡᠨ ᠪᠠᠶᠢᠨ᠎ᠠ᠃
     ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ᠂ ᠶᠠᠩ ᠰᠢᠩ ᠱᠧᠩ ᠤᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃ ᠣᠯᠠᠨ ᠢᠶᠠᠷ ᠢᠶᠠᠨ ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠭᠤᠤ ᠶᠡᠭᠡ ᠵᠣᠷᠢᠭ ᠰᠠᠨᠠᠭ᠎ᠠ ᠪᠠᠷ ᠠᠭᠤᠤ ᠶᠡᠭᠡ ᠦᠢᠯᠡᠰ ᠢ ᠬᠥᠲᠥᠯᠥᠨ ᠳᠠᠭᠠᠭᠤᠯᠵᠤ᠂ ᠰᠢᠨ᠎ᠡ ᠠᠶᠠᠨ ᠵᠠᠮ ᠳᠤ ᠦᠷᠭᠦᠯᠵᠢᠯᠡᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠎ᠠ ᠭᠡᠵᠦ ᠢᠯᠡᠳᠬᠡᠵᠡᠭᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号