ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 112 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 3 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/20
     10 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 112 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 3 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠣᠶᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠪᠣᠯᠣᠨ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠵᠢᠯ ᠤᠨ ᠡᠬᠢᠨ ᠳᠤ ᠲᠣᠭᠲᠠᠭᠰᠠᠨ ᠬᠥᠭᠵᠢᠯᠲᠡ ᠶᠢᠨ ᠰᠡᠳᠬᠢᠴᠡ ᠪᠠᠷ ᠠᠵᠢᠯ ᠤᠨ ᠡᠷᠴᠢᠮ ᠢᠶᠠᠨ ᠲᠦᠷᠭᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠮᠠᠨ ᠤ ᠰᠢᠶᠠᠨ ᠤ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠠᠵᠤ ᠦᠢᠯᠡᠰ ᠢᠶᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠪᠠᠷ ᠴᠢᠭᠯᠡᠯ ᠪᠣᠯᠭᠠᠵᠤ᠂ ᠪᠣᠳᠠᠲᠠᠢ ᠳᠤ ᠰᠠᠭᠤᠷᠢᠯᠠᠵᠤ᠂ ᠠᠷᠭ᠎ᠠ ᠵᠠᠮ ᠢᠶᠠᠨ ᠣᠨᠣᠪᠴᠢᠲᠠᠢ ᠰᠣᠩᠭᠤᠵᠤ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠭᠦᠨ ᠤ ᠤᠯᠠᠮ ᠢᠶᠠᠷ ᠮᠠᠨ ᠤ ᠰᠢᠶᠠᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠠᠴᠠ ᠭᠠᠷᠭᠠᠭᠰᠠᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠦᠨᠡᠨᠬᠦ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢᠨ ᠬᠠᠮᠲᠤ ᠤᠬᠠᠮᠰᠠᠷ ᠠᠴᠠ ᠪᠠᠨ ᠡᠨᠡᠬᠦ ᠴᠢᠬᠤᠯᠠ ᠦᠵᠡᠯ ᠰᠠᠨᠠᠭ᠎ᠠ ᠶᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠲᠠᠯ᠎ᠠ ᠪᠣᠯᠣᠨ ᠪᠦᠬᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠰᠤᠳᠤᠯᠭᠠᠨ ᠪᠣᠯᠣᠨ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ  ᠤᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠤ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠪᠥᠬᠦ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ ᠰᠠᠶᠢᠲᠤᠷ ᠬᠡᠷᠡᠭᠯᠡᠨ᠂ ᠳᠠᠷᠤᠶᠢᠬᠠᠨ ᠬᠥᠳᠡᠯᠦᠯᠴᠡᠵᠦ᠂ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠮᠠᠨ ᠤ ᠰᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠠᠮᠤᠷ ᠲᠦᠪᠰᠢᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠨ ᠡᠵᠡᠮᠰᠢᠵᠦ᠂ ᠬᠥᠭᠵᠢᠯᠲᠡ ᠶᠢ ᠠᠳᠬᠤᠬᠤ᠂ ᠲᠣᠭᠲᠠᠭᠤᠨ ᠢ ᠠᠳᠬᠤᠬᠤ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠮᠠᠨ ᠤ ᠰᠢᠶᠠᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠬᠥᠮᠦᠵᠢᠯ ᠪᠣᠯᠣᠨ ᠬᠠᠤᠯᠢ ᠳᠦᠷᠢᠮ ᠤᠨ ᠬᠥᠮᠦᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠣᠨᠴᠠᠭᠠᠶ ᠵᠠᠯᠠᠭᠤᠴᠤᠳ ᠪᠠᠭᠠᠴᠤᠳ ᠤᠨ ᠬᠠᠮᠲᠤᠯᠢᠭ ᠪᠠ ᠪᠠᠭᠤᠷᠠᠢ ᠵᠠᠯᠠᠭᠤᠴᠤᠳ ᠪᠠᠭᠠᠴᠤᠳ ᠤᠨ ᠬᠠᠮᠲᠤᠯᠢᠭ ᠢ ᠠᠩᠬᠠᠷᠴᠤ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠠᠪᠤᠷᠠᠨ ᠲᠤᠰᠠᠯᠠᠵᠤ᠂ ᠣᠨᠴᠠᠭᠠᠶ ᠵᠠᠯᠠᠭᠤᠴᠤᠳ ᠪᠠᠭᠠᠴᠤᠳ ᠤᠨ ᠬᠠᠮᠲᠤᠯᠢᠭ ᠪᠠ ᠪᠠᠭᠤᠷᠠᠢ ᠵᠠᠯᠠᠭᠤᠴᠤᠳ ᠪᠠᠭᠠᠴᠤᠳ ᠤᠨ ᠬᠠᠮᠲᠤᠯᠢᠭ ᠢ ᠬᠠᠪᠰᠤᠷᠬᠤ ᠤᠷᠳᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠬᠦ ᠬᠡᠷᠡᠭᠲᠡᠢ᠃ ︽ᠲᠠᠪᠤᠨ ᠠᠬᠠᠮᠡᠳ︾ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠬᠠᠮᠠᠳ ᠨᠥᠬᠦᠳ ᠤᠨ ᠣᠨᠴᠠ ᠴᠢᠳᠠᠪᠤᠷᠢ ᠪᠠ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠤᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠠᠯᠠᠭᠤᠴᠤᠳ ᠪᠠᠭᠠᠴᠤᠳ ᠤᠨ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠪᠠᠶᠢᠷᠢᠯᠠᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号