2023 ᠣᠨ ᠤ ︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ ᠳᠤ ᠣᠷᠤᠯᠴᠠᠬᠤ︾ ᠨᠠᠮᠤᠷ ᠤᠨ ᠤᠯᠠᠷᠢᠯ ᠤᠨ ᠰᠢᠷᠢᠰ ᠠᠵᠢᠯᠯᠠᠭ᠎ᠠ ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/23
     10 ᠰᠠᠷ᠎ᠠ ᠶᠢᠨ 19 ᠤ ᠡᠳᠦᠷ᠂ 2023 ᠣᠨ ᠤ ︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ ᠳᠤ ᠣᠷᠤᠯᠴᠠᠬᠤ︾ ᠨᠠᠮᠤᠷ ᠤᠨ ᠤᠯᠠᠷᠢᠯ ᠤᠨ ᠠᠵᠢᠯᠯᠠᠭ᠎ᠠ ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠲᠣᠰ ᠠᠵᠢᠯᠯᠠᠭ᠎ᠠ ᠳᠤ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠵᠧᠩ ᠶᠠᠨ ᠯᠢᠶᠠᠩ ᠪᠠᠭᠰᠢ ᠶᠢ ᠤᠷᠢᠵᠤ ︽ᠬᠦᠰᠡᠯ ᠵᠡᠭᠦᠳᠦ ᠪᠠᠨ ᠲᠡᠷᠭᠡᠯᠰᠢᠭᠦᠯᠵᠦ ᠰᠠᠨᠰᠠᠷ ᠤᠨ ᠠᠶᠠᠯᠠᠯ ᠤᠨ ᠢᠷᠡᠭᠡᠳᠦᠢ ᠶᠢᠨ ᠬᠦᠰᠡᠯ ᠵᠡᠭᠦᠳᠦ ᠪᠠᠨ ᠪᠡᠶᠡᠯᠡᠭᠦᠯᠦᠶ᠎ᠡ︾ ᠭᠡᠬᠦ ᠰᠢᠷᠢᠰ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠯᠭᠡᠵᠡᠢ᠂ ᠡᠨᠡ ᠨᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ ᠬᠥᠮᠥᠵᠢᠭᠦᠯᠦᠨ᠂ ᠲᠡᠳᠡᠨ ᠤ ᠰᠢᠨᠵᠢᠯᠡᠬᠦ ᠤᠬᠠᠭᠠᠨ ᠤ ᠬᠠᠷᠠᠭ᠎ᠠ ᠶᠢ ᠥᠷᠭᠡᠳᠬᠡᠬᠦ ᠶᠢᠨ ᠲᠥᠯᠥᠭᠡ ᠶᠤᠮ᠃
     ᠵᠧᠩ ᠶᠠᠨ ᠯᠢᠶᠠᠩ ᠪᠠᠭᠰᠢ ᠳᠥᠭᠦᠮ ᠣᠶᠢᠯᠠᠭᠠᠮᠵᠢᠲᠠᠢ᠂ ᠠᠮᠢᠳᠤᠯᠢᠭ ᠰᠣᠨᠢᠷᠬᠠᠯᠲᠠᠢ ᠲᠠᠶᠢᠯᠪᠤᠷᠢᠯᠠᠨ ᠵᠢᠭᠠᠬᠤ ᠠᠷᠭ᠎ᠠ ᠮᠠᠶ᠋ᠢᠭ ᠪᠠ ᠲᠤᠬᠠᠢ ᠶᠢᠨ ᠲᠠᠯᠠᠪᠤᠷ ᠤᠨ ᠬᠥᠷ ᠬᠥᠭᠵᠢᠶᠡᠨ ᠲᠠᠢ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠲᠤ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠮᠡᠷᠭᠡᠵᠢᠯ ᠤᠨ ᠲᠠᠯ᠎ᠠ ᠪᠠᠷ ᠨᠠᠩ ᠣᠯᠠᠨ ᠣᠶᠢᠯᠠᠭᠠᠯᠲᠠ ᠲᠠᠢ ᠪᠣᠯᠭᠠᠵᠠᠢ᠃ ᠲᠠᠶᠢᠯᠤᠮᠵᠢ ᠲᠡᠭᠦᠰᠦᠭᠰᠡᠨ ᠤ ᠳᠠᠷᠠᠭ᠎ᠠ᠂ ᠵᠧᠩ ᠶᠠᠨ ᠯᠢᠶᠠᠩ ᠪᠠᠭᠰᠢ ᠰᠤᠷᠤᠭᠴᠢᠳ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠳᠠᠯ ᠢ ᠤᠯᠠᠮᠵᠢᠯᠠᠵᠠᠢ᠃      ᠲᠣᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠨᠢ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠰᠢᠨᠵᠢᠯᠡᠬᠦ ᠤᠬᠠᠭᠠᠨ ᠳᠤ ᠳᠤᠷᠠᠲᠠᠢ᠂ ᠰᠢᠨᠵᠢᠯᠡᠬᠦ ᠤᠬᠠᠭᠠᠨ ᠢ ᠰᠤᠷᠴᠤ᠂ ᠰᠢᠨᠵᠢᠯᠡᠬᠦ ᠤᠬᠠᠭᠠᠨ ᠢ ᠬᠡᠷᠡᠭᠯᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠬᠥᠮᠦᠵᠢᠯ ᠢ ᠲᠦᠭᠡᠮᠡᠯᠵᠢᠭᠦᠯᠵᠦ᠂ ᠰᠤᠷᠤᠭᠴᠢᠳ ᠢ ᠰᠢᠨᠵᠢᠯᠡᠬᠦ ᠤᠬᠠᠭᠠᠨ ᠳᠤ ᠣᠶᠢᠷᠠᠲᠤᠭᠤᠯᠵᠤ᠂ ᠰᠢᠨᠵᠢᠯᠡᠬᠦ ᠤᠬᠠᠭᠠᠨ ᠳᠤ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号