ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 27 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/23
     10 ᠰᠠᠷ᠎ᠠ ᠶᠢᠨ 18  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 27 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ ᠡᠯ᠎ᠡ ᠲᠦᠷᠦᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢ ᠴᠡᠭᠴᠡᠯᠡᠨ ᠰᠠᠶᠢᠵᠢᠷᠠᠭᠤᠯᠬᠤ ᠲᠥᠰᠥᠯ︾ ᠢ ᠬᠢᠨᠠᠨ ᠵᠥᠪᠯᠡᠪᠡ︔ ︽ᠦᠴᠦᠸᠠᠨ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠲᠤᠬᠠᠢ 23 ᠵᠦᠢᠯ ᠤᠨ ᠠᠷᠭ᠎ᠠ ᠬᠡᠮᠵᠢᠶ᠎ᠡ︾ ᠶᠢ ᠬᠢᠨᠠᠨ ᠵᠥᠪᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠬᠠᠷᠢᠭᠤᠴᠠᠯᠭ᠎ᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠶᠢ ᠴᠢᠩᠭᠠᠳᠬᠠᠨ᠂ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠵᠢᠯ ᠤᠨ ᠭᠤᠣᠯᠳᠠᠯᠭ᠎ᠠ ᠲᠠᠢ ᠤᠶᠠᠯᠳᠤᠭᠤᠯᠵᠤ᠂ ︽ᠠᠵᠢᠯ ᠤᠨ ᠨᠠᠷᠢᠨ ᠬᠠᠭᠤᠳᠠᠰᠤ︾ ᠶᠢ ᠪᠠᠶᠢᠭᠤᠯᠵᠤ᠂ ᠬᠦᠨᠳᠦ ᠶᠡᠭᠡ ᠭᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠲᠣᠳᠣᠷᠬᠠᠶᠢᠯᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂  ᠠᠵᠤ ᠠᠬᠤᠶᠢᠯᠠᠯ ᠢ ᠬᠠᠪᠰᠤᠷᠤᠨ ᠬᠡᠯᠪᠡᠷᠢ ᠶᠢ  ᠨᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠠᠪᠴᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号