ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠳᠡᠭᠡᠷ᠎ᠡ᠂ ᠪᠣᠬᠢᠷᠳᠤᠯ ᠦᠭᠡᠢ ᠡᠨᠧᠷᠭᠢ ᠶᠢᠨ | ᠬᠡᠷᠡᠭᠯᠡᠯᠲᠡ ᠨᠢ ᠨᠢᠭᠡ ᠶᠡᠭᠡ ᠭᠢᠯᠠᠰ ᠴᠡᠭ ᠪᠣᠯᠤᠭᠰᠠᠨ ᠶᠤᠮ᠃ ᠡᠭᠦᠨ ᠳᠤ ᠰᠢᠯᠢ ᠶᠢᠨ ᠭᠤᠣᠯ ᠠᠶᠢᠮᠠᠭ ᠤᠨ ᠲᠤᠯᠤᠨ | ᠨᠤᠤᠷ ᠰᠢᠶᠠᠨ ᠤ ᠬᠢᠵᠠᠭᠠᠷ ᠲᠠᠬᠢ ᠳᠤᠮᠳᠠᠳᠤ ᠤᠯᠤᠰ ᠤᠨ ᠬᠤᠸᠠ ᠨᠧᠩ ᠤᠨ ᠲᠤᠯᠤᠨ ᠨᠤᠤᠷ ᠲᠠᠬᠢ ᠰᠠᠯᠬᠢᠨ | ᠬᠦᠴᠦᠨ ᠢᠶᠠᠷ ᠴᠠᠭᠢᠯᠭᠠᠨ ᠭᠠᠷᠭᠠᠬᠤ ᠲᠠᠯᠠᠪᠠᠢ ᠠᠴᠠ ᠭᠠᠷᠭᠠᠭᠰᠠᠨ ᠪᠣᠬᠢᠷᠳᠤᠯ ᠦᠭᠡᠢ ᠴᠠᠭᠢᠯᠭᠠᠨ ᠪᠠᠭᠲᠠᠵᠤ᠂ | 1600 ᠺᠢᠯᠣᠮᠧᠲᠷ ᠭᠠᠵᠠᠷ ᠢ ᠲᠤᠭᠤᠯᠤᠨ ᠥᠷᠭᠡᠨ ᠠᠭᠤᠳᠠᠮ ᠭᠤᠪᠢ ᠬᠡᠭᠡᠷ᠎ᠡ᠂ ᠥᠨᠳᠥᠷ ᠰᠦᠷᠯᠢᠭ ᠠᠭᠤᠯᠠ | ᠳᠠᠪᠠᠭ᠎ᠠ ᠶᠢ ᠳᠠᠪᠠᠵᠤ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠶᠠᠪᠤᠭᠳᠠᠭᠤᠯᠬᠤ ᠲᠠᠯᠠᠪᠠᠢ | ᠣᠷᠳᠣᠨ ᠵᠢᠴᠢ ᠠᠵᠢᠯᠯᠠᠬᠤ ᠲᠠᠯᠠᠪᠠᠢ ᠶᠢ ᠭᠡᠷᠡᠯᠳᠦᠭᠦᠯᠦᠨ ᠳᠠᠰᠤᠷᠠᠯᠳᠠ ᠦᠭᠡᠢ ᠡᠨᠧᠷᠭᠢ ᠬᠠᠩᠭᠠᠭᠰᠠᠨ ᠶᠤᠮ᠃ | ᠬᠤᠸᠠ ᠨᠧᠩ ᠤᠨ ᠱᠠᠩᠳᠤ ᠶᠢᠨ ᠵᠠᠭᠤᠨ ᠲᠦᠮᠡᠨ ᠺᠢᠯᠣᠸᠠᠲ ᠤᠨ ᠳᠡᠰ ᠤᠨ ᠰᠠᠯᠬᠢᠨ ᠬᠦᠴᠦᠨ ᠤ | ᠴᠠᠭᠢᠯᠭᠠᠨ ᠤ ᠰᠠᠭᠤᠷᠢᠨ ᠤ ᠲᠦᠷᠦᠯ ᠵᠦᠢᠯ ᠪᠣᠯ ᠪᠦᠭᠦ ᠤᠯᠤᠰ ᠤᠨ ᠠᠩᠬᠠᠳᠠᠭᠴᠢ ᠰᠠᠯᠬᠢᠨ ᠬᠦᠴᠦᠨ ᠤ ᠰᠢᠨ᠎ᠡ | ᠡᠨᠧᠷᠭᠢ ᠶᠢ ᠭᠠᠳᠠᠭᠰᠢ ᠬᠦᠷᠭᠡᠬᠦ ᠲᠣᠮᠣ ᠰᠠᠭᠤᠷᠢᠨ ᠤ ᠲᠦᠷᠦᠯ ᠵᠦᠢᠯ ᠪᠣᠯᠣᠨ᠎ᠠ᠃ ᠲᠡᠷᠡ ᠨᠢ ᠰᠢᠯᠢ ᠶᠢᠨ ᠭᠤᠣᠯ | ᠠᠶᠢᠮᠠᠭ ᠤᠨ ᠰᠢᠯᠤᠭᠤᠨ ᠬᠥᠬᠡ ᠬᠤᠰᠢᠭᠤ ᠪᠣᠯᠣᠨ ᠲᠤᠯᠤᠨ ᠨᠤᠤᠷ ᠰᠢᠶᠠᠨ ᠤ ᠬᠢᠯᠢ ᠳᠤ ᠪᠠᠶᠢᠷᠢᠯᠠᠵᠤ᠂ ᠡᠨᠡ ᠵᠢᠯ | ᠤᠨ 6 ᠰᠠᠷ᠎ᠠ ᠶᠢᠨ ᠰᠡᠭᠦᠯᠴᠢ ᠪᠠᠷ ᠪᠦᠭᠦ ᠪᠠᠭᠲᠠᠭᠠᠮᠵᠢ ᠪᠠᠷ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠵᠦ᠂ ᠵᠢᠯ ᠪᠦᠷᠢ | ᠪᠡᠭᠡᠵᠢᠩ ᠲᠢᠶᠠᠨᠵᠢᠨ ᠲᠠᠩᠱᠠᠨ ᠣᠷᠣᠨ ᠳᠤ 65 ᠳ᠋ᠦᠩᠰᠢᠭᠤᠷ ᠺᠢᠯᠣᠸᠠᠲ ᠴᠠᠭ ᠤᠨ ᠴᠡᠪᠡᠷ ᠴᠠᠭᠢᠯᠭᠠᠨ ᠬᠦᠴᠦᠨ | ᠬᠦᠷᠭᠡᠵᠦ᠂ ᠡᠨᠡ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 540 ᠲᠦᠮᠡᠨ | ᠲᠣᠨ ᠪᠠᠭᠠᠰᠬᠠᠬᠤ ᠲᠠᠢ ᠲᠡᠩᠴᠡᠵᠦ᠂ ᠲᠣᠪᠣᠶᠢᠮ᠎ᠠ ᠠᠵᠤ ᠠᠬᠤᠢ ᠶᠢᠨ ᠦᠷ᠎ᠡ ᠠᠰᠢᠭ ᠪᠣᠯᠣᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠠᠪᠴᠢᠷᠠᠬᠤ ᠪᠣᠯᠣᠨ᠎ᠠ᠃ ᠣᠶᠢᠯᠠᠭᠠᠭᠰᠠᠨ ᠢᠶᠠᠷ᠂ ᠡᠨᠡ ᠵᠢᠯ ᠤᠨ 6 | ᠰᠠᠷ᠎ᠠ ᠶᠢᠨ ᠡᠬᠢ ᠪᠠᠷ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠪᠠ ᠠᠽᠢᠶ᠎ᠠ ᠲᠢᠪ ᠤᠨ | ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠪᠣᠬᠢᠷᠳᠤᠯ ᠦᠭᠡᠢ ᠴᠠᠭᠢᠯᠭᠠᠨ ᠬᠦᠴᠦᠨ ᠤ ᠠᠷᠠᠯᠵᠢᠶᠠᠨ ᠤ ᠭᠠᠷ ᠤᠨ | ᠥᠰᠥᠭ ᠵᠢᠷᠤᠬᠤ ᠶᠣᠰᠣᠯᠠᠯ ᠳᠡᠭᠡᠷ᠎ᠡ᠂ ᠬᠤᠸᠠ ᠨᠧᠩ ᠤᠮᠠᠷᠠᠲᠤ ᠶᠢᠨ ᠱᠠᠩᠳᠤ ᠶᠢᠨ ᠵᠠᠭᠤᠨ ᠲᠦᠮᠡᠨ ᠺᠢᠯᠣᠸᠠᠲ ᠤᠨ | ᠲᠠᠰ ᠤᠨ ᠰᠠᠯᠬᠢᠨ ᠬᠦᠴᠦᠨ ᠤ ᠴᠠᠭᠢᠯᠭᠠᠨ ᠤ ᠰᠠᠭᠤᠷᠢᠨ ᠤ ᠲᠥᠷᠥᠯ ᠵᠦᠢᠯ ᠨᠢ ᠬᠠᠩᠵᠧᠦ ᠳᠤ ᠠᠽᠢᠶ᠎ᠠ ᠲᠢᠪ ᠤᠨ | ᠲᠠᠮᠢᠷ ᠤᠨ ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠲᠠᠮᠢᠷ ᠤᠨ ᠴᠤᠭᠯᠠᠭᠠᠨ ᠳᠤ 0.91 | ᠳ᠋ᠦᠩᠰᠢᠭᠤᠷ ᠺᠢᠯᠣᠸᠠᠲ ᠴᠠᠭ ᠤᠨ ᠪᠣᠬᠢᠷᠳᠤᠯ ᠦᠭᠡᠢ ᠴᠠᠭᠢᠯᠭᠠᠨ ᠬᠠᠩᠭᠠᠬᠤ ᠪᠠᠷ ᠭᠡᠷ᠎ᠡ ᠲᠣᠭᠲᠠᠵᠠᠢ᠃ | ᠮᠠᠨ ᠤ ᠣᠷᠣᠨ ᠳᠠᠪᠠᠭᠤᠯᠢᠭ ᠡᠬᠢ ᠪᠠᠶᠠᠯᠢᠭ ᠲᠠᠭᠠᠨ ᠰᠠᠭᠤᠷᠢᠯᠠᠨ ᠲᠡᠦᠬᠡ ᠶᠢᠨ ᠠᠵᠠ ᠲᠣᠭᠢᠶᠠᠯ ᠢ ᠠᠮᠵᠢᠵᠤ᠂ | ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠪᠠᠶᠢᠨ᠎ᠠ᠃ ᠡᠨᠡ ᠵᠢᠯ ᠤᠨ 8 ᠰᠠᠷ᠎ᠠ | ᠪᠤᠯᠲᠠᠯ᠎ᠠ᠂ ᠪᠦᠭᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 101.2% ᠨᠡᠮᠡᠭᠳᠡᠵᠦ᠂ ᠦᠷᠭᠦᠯᠵᠢᠯᠡᠨ ᠳᠠᠭᠢᠨ ᠢᠶᠠᠷ ᠨᠡᠮᠡᠭᠳᠡᠬᠦ ᠬᠠᠨᠳᠤᠰᠢ ᠲᠠᠢ | ᠪᠠᠶᠢᠵᠤ᠂ ᠡᠨᠡ ᠵᠢᠯ ᠤᠨ ᠡᠴᠦᠰ ᠲᠤ ᠪᠦᠭᠦ ᠣᠷᠣᠨ ᠤ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠬᠦ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠶᠢ 9000 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ | ᠪᠤᠢ᠃ | ︽ᠬᠤᠶᠠᠷ ᠢ ᠤᠷᠢᠳ ᠢᠶᠠᠷ ᠪᠠᠶᠢᠭᠤᠯᠬᠤ᠂ ᠬᠤᠶᠠᠷ ᠢ ᠳᠠᠪᠠᠭᠤᠯᠬᠤ︾ ᠬᠠᠷᠠᠯᠲᠠ ᠶᠣᠰᠣᠭᠠᠷ᠂ ᠮᠠᠨ ᠤ ᠣᠷᠣᠨ | ᠪᠦᠭᠦ ᠤᠯᠤᠰ ᠲᠤ ᠰᠢᠨ᠎ᠡ ᠡᠨᠧᠷᠭᠢ ᠶᠢᠨ ᠭᠤᠣᠯ ᠴᠣᠭᠴᠠ ᠪᠤᠯᠭᠠᠬᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ | ᠢ ᠤᠷᠢᠳ ᠢᠶᠠᠷ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ | ᠬᠦᠴᠦᠨ ᠤ ᠰᠢᠰᠲ᠋ᠧᠮ ᠢ ᠤᠷᠢᠳ ᠢᠶᠠᠷ ᠪᠠᠶᠢᠭᠤᠯᠵᠤ᠂ 2025 ᠣᠨ ᠪᠤᠯᠬᠤ ᠳᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ | ᠳᠠᠪᠠᠭᠤᠯᠵᠤ᠂ 2030 ᠣᠨ ᠳᠤ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠶᠢ ᠢᠯᠴᠢ ᠶᠢᠨ | ᠴᠠᠭᠢᠯᠭᠠᠨ ᠤ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠠᠴᠠ ᠳᠠᠪᠠᠭᠤᠯᠬᠤ ᠪᠣᠯᠣᠨ᠎ᠠ᠃ |