ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ 12 ᠬᠤᠪᠢ ᠬᠥᠮᠥᠨ 143 ᠵᠦᠢᠯ ᠤᠨ ᠦᠷ᠎ᠡ ᠪᠦᠲᠦᠭᠡᠯ ᠢ ᠱᠠᠩᠨᠠᠨ ᠬᠥᠬᠢᠭᠦᠯᠵᠡᠢ
ᠨᠡᠶᠢᠲᠡᠯᠡᠭᠰᠡᠨ ᠴᠠᠭ᠄
2023/10/23
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ 2022 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 143 ᠵᠦᠢᠯ ᠤᠨ ᠦᠷ᠎ᠡ ᠪᠦᠲᠦᠭᠡᠯ ᠢ ᠱᠠᠩᠨᠠᠨ ᠬᠥᠬᠢᠭᠦᠯᠪᠡ᠂ ᠡᠭᠦᠨ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠳᠤ 20 ᠵᠦᠢᠯ ᠤᠨ ᠦᠷ᠎ᠡ ᠪᠦᠲᠦᠭᠡᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠳᠤ 3 ᠵᠦᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠳᠤ 120 ᠵᠦᠢᠯ ᠤᠨ ᠦᠷ᠎ᠡ ᠪᠦᠲᠦᠭᠡᠯ ᠢ ᠪᠠᠭᠲᠠᠭᠠᠵᠠᠢ᠃ ᠰᠦᠨ ᠳ᠋ᠧ ᠵᠢᠶᠦ᠋ᠨ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠣᠯᠭᠤᠵᠤ᠂ ᠢᠦᠢ ᠬᠤᠶ ᠵᠡᠷᠭᠡ 10 ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠣᠯᠭᠤᠵᠤ᠂ ᠶᠠᠩ·ᠭᠠᠩᠪᠣᠯᠣᠳ ᠲᠤ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠱᠠᠩᠨᠠᠯ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ︾ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠩᠬᠠᠳᠠᠭᠴᠢ ᠰᠢᠯᠭᠠᠷᠠᠭᠤᠯᠤᠯᠲᠠ ᠪᠣᠯᠣᠨ᠎ᠠ᠃ ᠰᠢᠨ᠎ᠡ ᠱᠠᠩᠨᠠᠨ ᠬᠥᠬᠢᠭᠦᠯᠬᠦ ᠠᠷᠭ᠎ᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠮᠡᠳᠡᠭᠦᠯᠬᠦ ᠲᠣᠭᠲᠠᠴᠠ ᠶᠢ ︽ᠲᠠᠨᠢᠯᠴᠠᠭᠤᠯᠬᠤ ᠳᠦᠷᠢᠮ︾ ᠠᠴᠠ ︽ᠨᠡᠷ᠎ᠡ ᠳᠤᠷᠠᠳᠬᠤ ᠳᠦᠷᠢᠮ︾ ᠪᠣᠯᠭᠠᠨ ᠲᠣᠬᠢᠷᠠᠭᠤᠯᠤᠭᠰᠠᠨ ᠪᠥᠭᠡᠳ ᠱᠠᠩᠨᠠᠨ ᠬᠥᠬᠢᠭᠦᠯᠬᠦ ᠡᠲᠡᠭᠡᠳ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ᠂ ᠱᠠᠩᠨᠠᠯ ᠤᠨ ᠮᠥᠩᠭᠦ ᠶᠢᠨ ᠪᠠᠷᠢᠮᠵᠢᠶ᠎ᠠ᠂ ᠨᠡᠷ᠎ᠡ ᠳᠤᠷᠠᠳᠬᠤ ᠠᠷᠭ᠎ᠠ ᠭᠡᠯᠪᠡᠷᠢ ᠪᠠ ᠬᠢᠨᠠᠨ ᠲᠣᠭᠲᠠᠭᠠᠬᠤ ᠲᠠᠰ ᠳᠠᠷᠠᠭᠠᠯᠠᠯ ᠵᠡᠷᠭᠡ ᠣᠯᠠᠨ ᠲᠠᠯ᠎ᠠ ᠪᠠᠷ ᠥᠭᠡᠷᠡᠴᠢᠯᠡᠯᠲᠡ ᠬᠢᠵᠦ᠂ ᠤᠳᠤᠷᠢᠳᠤᠮᠵᠢ ᠲᠣᠳᠣᠷᠬᠠᠢ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠰᠢᠰᠲ᠋ᠧᠮ ᠢ ᠤᠯᠠᠮ ᠰᠠᠶᠢᠲᠤᠷ ᠪᠠᠶᠢᠭᠤᠯᠪᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ︵ᠲᠥᠷᠥᠯ ᠵᠦᠢᠯ ᠤᠨ ᠱᠠᠩᠨᠠᠯ︶᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠶ ᠬᠤᠪᠢ ᠨᠡᠮᠡᠷᠢ ᠶᠢᠨ ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ︵ᠨᠠᠷᠠᠲᠤ ᠬᠥᠮᠥᠨ ᠤ ᠱᠠᠩᠨᠠᠯ︶ ᠵᠡᠷᠭᠡ 6 ᠱᠠᠩᠨᠠᠯ ᠤᠨ ᠲᠥᠷᠥᠯ ᠭᠠᠷᠭᠠᠵᠤ᠂ ᠱᠠᠩᠨᠠᠯ ᠤᠨ ᠲᠥᠷᠥᠯ ᠵᠦᠢᠯ ᠤᠨ ᠪᠦᠲᠦᠴᠡ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠲᠥᠷᠥᠯ ᠵᠦᠢᠯ ᠤᠨ ᠪᠦᠲᠦᠴᠡ ᠯᠦᠭᠡ ᠨᠢᠭᠡᠳᠦᠯᠲᠡᠢ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠵᠢᠮ᠎ᠡ ᠶᠣᠰᠣᠨ ᠳᠤ ᠨᠠᠩ ᠢᠯᠡᠭᠦᠦ ᠨᠡᠶᠢᠴᠡᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠤᠷᠮᠠᠰᠢᠭᠤᠯᠬᠤ ᠪᠠ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠨᠡᠩ ᠠᠰᠢᠭᠲᠠᠢ ᠪᠣᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号