ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ︽ᠲᠠᠯ᠎ᠠ ᠨᠤᠲᠤᠭ ᠤᠨ ᠣᠳᠣᠨ︾ ᠡᠵᠡᠨ᠎ᠡ ᠶᠢᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ᠂ ᠣᠷᠳᠣᠰ ᠤᠨ ᠨᠢᠰᠬᠡᠯ | ᠤᠨ ᠪᠠᠭᠤᠳᠠᠯ ᠤᠨ ︽ᠭᠤᠣᠯ ᠱᠤᠭᠤᠮ ᠪᠠ ᠰᠠᠯᠪᠤᠷᠢ ᠱᠤᠭᠤᠮ᠂ ᠪᠦᠭᠦ ᠰᠦᠯᠵᠢᠶ᠎ᠡ ᠶᠢ ᠬᠤᠯᠪᠣᠭᠰᠠᠨ︾ ᠠᠭᠠᠷ ᠤᠨ | ᠠᠶᠠᠯᠠᠯ ᠤᠨ ᠠᠭᠤᠰᠤᠯᠴᠠᠯ ᠤᠨ ᠵᠠᠮ ᠬᠠᠷᠢᠯᠴᠠᠭᠠᠨ ᠤ ᠲᠣᠣᠷ ᠨᠢ ᠪᠦᠭᠦ ᠤᠯᠤᠰ ᠤᠨ ᠲᠦᠷᠦᠭᠦᠤ ᠪᠦᠯᠦᠭ ᠤᠨ ᠵᠠᠮ | ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠪᠠᠷ ᠰᠣᠩᠭᠤᠭᠳᠠᠪᠠ᠃ | ᠮᠠᠨ ᠤ ᠣᠷᠣᠨ ᠠᠴᠠ ᠡᠨᠡ ᠬᠦ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠭᠰᠠᠨ ︽ᠲᠠᠯ᠎ᠠ ᠨᠤᠲᠤᠭ | ᠤᠨ ᠣᠳᠣᠨ︾ ᠡᠵᠡᠨ᠎ᠡ ᠶᠢᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠨᠢ ︽ᠲᠡᠮᠦᠷ ᠵᠠᠮ + ᠵᠢᠭᠤᠯᠴᠢᠯᠠᠯ︾ ᠤᠨ | ᠦᠢᠯᠡᠴᠢᠯᠡᠭᠡᠨ ᠤ ᠰᠢᠨ᠎ᠡ ᠵᠠᠭᠪᠤᠷ ᠲᠤ ᠲᠦᠰᠢᠭᠯᠡᠨ᠂ ᠳᠡᠭᠡᠳᠦ ᠲᠠᠰ ᠤᠨ ᠵᠢᠭᠤᠯᠴᠢᠯᠠᠯ ᠤᠨ ᠵᠠᠬᠢᠶᠠᠯᠠᠭ᠎ᠠ ᠶᠢᠨ ᠮᠠᠶ᠋ᠢᠭ | ᠤᠨ ᠵᠢᠷᠤᠭ ᠲᠥᠯᠥᠪᠯᠡᠭᠡ ᠪᠠᠷ ᠥᠭᠡᠷᠡᠴᠢᠯᠡᠨ ᠰᠠᠶᠢᠵᠢᠷᠠᠭᠤᠯᠵᠤ᠂ ᠠᠶᠠᠨᠴᠢᠳ ᠲᠤ ᠶᠠᠪᠤᠵᠤ ᠰᠠᠭᠤᠬᠤ᠂ ᠬᠤᠨᠣᠵᠤ | ᠬᠡᠪᠲᠡᠬᠦ᠂ ᠬᠤᠭᠤᠯᠠᠯᠠᠬᠤ᠂ ᠤᠬᠢᠶᠠᠯᠭ᠎ᠠ ᠬᠢᠬᠦ᠂ ᠵᠤᠭ᠎ᠠ ᠴᠡᠩᠭᠡᠯ ᠵᠡᠷᠭᠡ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ | ᠭᠠᠯᠲᠤ ᠲᠡᠷᠭᠡᠨ ᠤ ᠳᠣᠲᠣᠷᠠᠬᠢ ᠵᠠᠰᠠᠯ ᠴᠢᠮᠡᠭᠯᠡᠯ ᠳᠤ ᠴᠥᠮ ᠪᠣᠬᠢᠷᠳᠤᠯ ᠦᠭᠡᠢ ᠳᠡᠭᠡᠳᠦ ᠲᠠᠰ ᠤᠨ ᠮᠠᠲ᠋ᠧᠷᠢᠶᠠᠯ ᠢ | ᠬᠡᠷᠡᠭᠯᠡᠵᠦ᠂ ᠦᠨᠳᠦᠰᠦᠲᠡᠨ ᠤ ᠥᠪᠡᠷᠮᠢᠴᠡ ᠣᠨᠴᠠᠯᠢᠭ ᠪᠦᠬᠦᠢ ᠦᠢᠯᠡᠴᠢᠯᠡᠭᠡ ᠶᠢ ᠭᠦᠢᠴᠡᠳ ᠠᠭᠤᠰᠤᠯᠴᠠᠭᠤᠯᠬᠤ | ᠶᠢᠨ ᠬᠠᠮᠲᠤ 24 ᠴᠠᠭ ᠤᠨ ᠡᠮᠴᠢ ᠲᠣᠬᠢᠷᠠᠭᠤᠯᠵᠤ᠂ ᠵᠢᠭᠤᠯᠴᠢᠯᠠᠬᠰᠠᠳ ᠤᠨ ᠠᠮᠤᠷ ᠲᠦᠪᠰᠢᠨ᠂ ᠲᠠᠭᠠᠯᠠᠮᠵᠢᠲᠠᠢ᠂ | ᠪᠠᠶᠠᠷ ᠪᠠᠶᠠᠰᠬᠤᠯᠠᠩᠲᠠᠢ ᠪᠠᠷ ᠵᠢᠭᠤᠯᠴᠢᠯᠠᠨ ᠲᠣᠭᠤᠷᠢᠬᠤ ᠳᠤ ᠦᠢᠯᠡᠴᠢᠯᠡᠵᠦ ᠪᠠᠶᠢᠨ᠎ᠠ᠃ | ᠣᠷᠳᠣᠰ ᠤᠨ ︽ᠭᠤᠣᠯ ᠱᠤᠭᠤᠮ ᠪᠠ ᠰᠠᠯᠪᠤᠷᠢ ᠱᠤᠭᠤᠮ᠂ ᠪᠦᠭᠦ ᠰᠦᠯᠵᠢᠶ᠎ᠡ ᠶᠢ ᠬᠤᠯᠪᠣᠭᠰᠠᠨ︾ ᠠᠭᠠᠷ ᠤᠨ | ᠠᠶᠠᠯᠠᠯ ᠤᠨ ᠠᠭᠤᠰᠤᠯᠴᠠᠯ ᠤᠨ ᠵᠠᠮ ᠬᠠᠷᠢᠯᠴᠠᠭᠠᠨ ᠤ ᠲᠣᠣᠷ ᠨᠢ ︽ᠨᠢᠭᠡ ᠯᠡ ᠤᠳᠠᠭ᠎ᠠ ᠳᠤ ᠲᠣᠭᠠᠴᠠᠭ᠎ᠠ ᠬᠢᠬᠦ᠂ | ᠨᠢᠭᠡ ᠯᠡ ᠤᠳᠠᠭ᠎ᠠ ᠭᠠᠷ ᠭᠦᠢᠴᠡᠳᠬᠡᠯ ᠬᠢᠬᠦ᠂ ᠨᠢᠭᠡ ᠯᠡ ᠤᠳᠠᠭ᠎ᠠ ᠠᠮᠤᠷ ᠲᠦᠪᠰᠢᠨ ᠤ ᠪᠠᠶᠢᠴᠠᠭᠠᠯᠲᠠ ᠬᠢᠬᠦ᠂ | ᠪᠣᠭᠴᠣ ᠪᠣᠭᠤᠳᠠᠯ ᠢ ᠰᠢᠭᠤᠳ ᠭᠠᠷᠭᠠᠬᠤ᠂ ᠪᠦᠭᠦ ᠶᠠᠪᠤᠴᠠ ᠳᠤ ᠰᠠᠭᠠᠳ ᠦᠭᠡᠢ ᠠᠶᠠᠯᠠᠬᠤ︾ ᠵᠢᠭᠤᠯᠴᠢᠯᠠᠯ ᠤᠨ | ᠨᠢᠰᠬᠡᠯ ᠰᠣᠯᠢᠬᠤ ᠶᠢ ᠳᠥᠭᠦᠮᠴᠢᠯᠡᠬᠦ ᠦᠢᠯᠡᠴᠢᠯᠡᠭᠡ ᠭᠠᠷᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠨᠡᠨᠴᠢ | ᠦᠢᠯᠡᠴᠢᠯᠡᠭᠡ ᠪᠠᠷ ᠢᠶᠠᠨ ᠨᠢᠰᠬᠡᠯ ᠰᠣᠯᠢᠬᠤ ᠦᠢᠯᠡᠴᠢᠯᠡᠭᠡᠨ ᠤ ᠲᠥᠷᠥᠯ ᠲᠡᠮᠳᠡᠭ ᠢ ᠴᠢᠷᠮᠠᠶᠢᠨ ᠴᠣᠭᠴᠠᠯᠠᠵᠤ ᠪᠠᠶᠢᠨ᠎ᠠ᠃ | ᠡᠨᠡ ᠵᠢᠯ ᠤᠨ 4 ᠰᠠᠷ᠎ᠠ ᠳᠤ ︽ᠳᠤᠯᠠᠭᠠᠨ ᠬᠤᠲᠠ ᠣᠷᠳᠣᠰ︾ ᠭᠡᠬᠦ ᠬᠤᠳᠠ ᠶᠢᠨ ᠲᠦᠷᠦᠯ ᠲᠡᠮᠳᠡᠭ ᠲᠠᠢ | ᠤᠶᠠᠯᠳᠤᠭᠤᠯᠤᠨ ︽ᠰᠦᠢᠳᠬᠡᠯ ᠬᠤᠷᠢᠶᠠᠬᠤ ᠦᠭᠡᠢ ᠪᠠᠷ ᠨᠢᠰᠬᠡᠯ ᠰᠣᠯᠢᠵᠤ ᠵᠢᠭᠤᠯᠴᠢᠯᠠᠬᠤ︾ ᠦᠵᠡᠮᠵᠢ ᠶᠢᠨ ᠭᠠᠵᠠᠷ | ᠢ 7 ᠪᠣᠯᠭᠠᠨ ᠨᠡᠮᠡᠭᠳᠡᠭᠦᠯᠵᠦ᠂ ᠠᠶᠠᠨᠴᠢᠳ ᠤᠨ ︽ᠢᠳᠡᠵᠦ ᠤᠤᠭᠤᠬᠤ ᠶᠠᠪᠤᠵᠤ ᠰᠠᠭᠤᠬᠤ︾ ᠵᠡᠷᠭᠡ ᠣᠯᠠᠨ | ᠡᠰᠢᠵᠢᠭᠰᠡᠨ ᠦᠢᠯᠡᠴᠢᠯᠡᠭᠡᠨ ᠤ ᠬᠡᠷᠡᠭᠴᠡᠭᠡ ᠶᠢ ᠦᠨᠡᠨ ᠬᠦ ᠬᠠᠩᠭᠠᠪᠠ᠃ ᠡᠭᠦᠨ ᠠᠴᠠ ᠭᠠᠳᠠᠨ᠎ᠠ ᠪᠠᠰᠠ ᠪᠡᠭᠡᠵᠢᠩ - | ᠣᠷᠳᠣᠰ - ᠣᠲᠤᠭ ᠤᠨ ᠡᠮᠦᠨᠡᠲᠦ ᠬᠤᠰᠢᠭᠤᠨ ᠤ 20 ᠵᠤᠷᠪᠤᠰ ᠭᠤᠣᠯ ᠱᠤᠭᠤᠮ ᠰᠠᠯᠪᠤᠷᠢ ᠱᠤᠭᠤᠮ ᠢᠶᠠᠷ ᠨᠢᠰᠬᠡᠯ | ᠰᠣᠯᠢᠬᠤ ᠠᠶᠠᠯᠠᠯ ᠤᠨ ᠱᠤᠭᠤᠮ ᠢ ᠭᠠᠷᠭᠠᠵᠠᠢ᠃ | ᠣᠶᠢᠯᠠᠭᠠᠭᠰᠠᠨ ᠢᠶᠠᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ | ᠤᠯᠤᠰ ᠤᠨ ᠲᠡᠮᠦᠷ ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠲᠣᠪᠴᠢᠶ᠎ᠠ᠂ ᠤᠯᠤᠰ ᠤᠨ ᠰᠢᠤᠳᠠᠨ ᠤ ᠶᠠᠪᠤᠳᠠᠯ ᠤᠨ ᠲᠣᠪᠴᠢᠶ᠎ᠠ᠂ ᠤᠯᠤᠰ ᠤᠨ ᠲᠡᠮᠦᠷ ᠵᠠᠮ ᠤᠨ ᠪᠦᠯᠦᠭᠯᠡᠯ | ᠬᠠᠮᠲᠤᠷᠠᠨ ᠪᠦᠭᠦ ᠤᠯᠤᠰ ᠤᠨ ᠲᠦᠷᠦᠭᠦᠤ ᠪᠦᠯᠦᠭ ᠤᠨ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠦᠭᠰᠡᠨ 36 ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠭᠠᠷᠭᠠᠭᠰᠠᠨ ᠪᠠᠶᠢᠨ᠎ᠠ᠃ | |