ᠦᠴᠦᠸᠠᠨ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠢ ᠬᠠᠶᠢᠷ᠎ᠠ ᠪᠠᠷ ᠪᠢᠯᠬᠠᠭᠤᠯᠵᠤ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠤᠶ᠎ᠠ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/10/24
     ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠴᠦ ᠢᠷᠡᠬᠦ ᠲᠠᠰᠢᠷᠠᠮ ᠳᠤ᠂ ᠦᠴᠦᠸᠠᠨ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠥᠬᠡ ᠡᠷᠭᠢ ᠪᠠᠯᠭᠠᠰᠤᠨ ᠤ ᠸᠧᠨ ᠬᠤᠸᠠ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠲᠤ ︽ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠢ ᠬᠠᠶᠢᠷ᠎ᠠ ᠪᠠᠷ ᠪᠢᠯᠬᠠᠭᠤᠯᠵᠤ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠤᠶ᠎ᠠ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠦᠴᠦᠸᠠᠨ ᠰᠢᠶᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠪᠢᠯᠠᠯᠲᠠ ᠶᠢᠨ ᠲᠤᠰᠬᠠᠢ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠹᠦ᠋ ᠰᠢᠶᠠᠨᠩ ︽ᠬᠤᠩ ᠰᠢᠶᠠᠨᠩ ᠺᠤᠸᠠᠩ︾ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠥᠨᠳᠥᠷ ᠨᠠᠰᠤᠲᠠᠢ᠂ ᠭᠡᠷ ᠲᠡᠭᠡᠨ ᠬᠤᠴᠣᠷᠤᠭᠰᠠᠨ᠂ ᠭᠠᠭᠴᠠᠭᠠᠷ ᠰᠠᠭᠤᠵᠤ ᠪᠠᠶᠢᠭ᠎ᠠ ᠪᠤᠶᠤ ᠰᠡᠭᠦᠳᠡᠷ ᠲᠠᠲᠠᠬᠤ ᠳᠤ ᠬᠦᠴᠢᠷᠲᠡᠢ ᠨᠠᠰᠤᠲᠠᠶᠢᠴᠤᠳ ᠲᠤ ᠬᠦᠷᠦᠭ ᠵᠢᠷᠤᠭ᠂ ᠠᠮᠢᠳᠤᠷᠠᠯ ᠤᠨ ᠬᠡᠷᠡᠯ ᠵᠢᠷᠤᠭ ᠲᠠᠲᠠᠵᠤ ᠥᠭᠪᠡ᠃ 65 ᠨᠠᠰᠤᠲᠠᠢ ᠨᠠᠰᠤᠲᠠᠶᠢᠴᠤᠳ ᠢᠶᠠᠷ ᠪᠦᠷᠢᠯᠳᠦᠭᠰᠡᠨ ᠤᠷᠠᠨ ᠰᠠᠶᠢᠬᠠᠨ ᠤ ᠲᠣᠭᠯᠠᠯᠲᠠ ᠶᠢᠨ ᠠᠩᠭᠢ ᠣᠯᠠᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠠᠰᠤᠲᠠᠶᠢᠴᠤᠳ ᠲᠠᠢ ᠬᠠᠮᠲᠤ ᠪᠠᠷ ᠲᠠᠭᠤ ᠳᠠᠮᠵᠢᠭᠤᠯᠤᠭᠴᠢ᠂ ᠲᠤᠲᠤᠷᠭ᠎ᠠ ᠲᠣᠭᠠᠯᠠᠬᠤ᠂ ᠴᠠᠢ ᠠᠮᠲᠠᠯᠠᠬᠤ ᠵᠡᠷᠭᠡ ᠠᠯᠢ ᠣᠯᠠᠨ ᠲᠣᠭᠯᠠᠭᠠᠮ ᠲᠣᠭᠯᠠᠵᠤ᠂ ᠲᠤᠬᠠᠢ ᠶᠢᠨ ᠲᠠᠯᠠᠪᠤᠷ ᠲᠤ ᠪᠠᠶᠠᠷ ᠬᠥᠷ ᠢᠶᠠᠷ ᠪᠢᠯᠬᠠᠵᠤ ᠪᠠᠶᠢᠯ᠎ᠠ᠃ ᠲᠣᠭᠯᠠᠯᠲᠠ ᠳᠠᠭᠤᠰᠤᠭᠰᠠᠨ ᠤ ᠲᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠢ ᠤᠷᠢᠵᠤ ᠪᠠᠩᠰᠢ ᠪᠠᠷᠢᠭᠤᠯᠵᠤ᠂ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠤᠨ ᠪᠣᠣᠪᠤ ᠬᠢᠯᠭᠡᠵᠦ᠂ ᠨᠠᠰᠤᠲᠠᠶᠢᠴᠤᠳ ᠲᠤ ᠲᠣᠬᠤᠨᠢᠭᠤᠯᠬᠤ ᠪᠣᠳᠠᠰ ᠬᠦᠷᠭᠡᠪᠡ᠃
     ᠲᠣᠰ ᠤᠳᠠᠭᠠᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠣᠬᠤᠨᠢᠭᠤᠯᠬᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠭᠰᠠᠨ ᠮᠥᠷᠲᠡᠭᠡᠨ ᠪᠠᠰᠠ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠦᠭᠡᠢ ᠵᠢᠳᠬᠦᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠤᠯᠠᠮᠵᠢᠯᠠᠵᠠᠢ᠃ ᠣᠶᠢᠯᠠᠭᠠᠭᠰᠠᠨ ᠢᠶᠠᠷ᠂ ᠪᠥᠬᠦ ᠰᠢᠶᠠᠨ ᠤ ᠥᠷᠭᠡᠨ ᠣᠯᠠᠨ ᠨᠠᠰᠤᠲᠠᠶᠢᠴᠤᠳ ᠲᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠦᠴᠦᠸᠠᠨ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠨᠡ ᠵᠢᠯ ᠦᠴᠦᠸᠠᠨ ᠤ ᠣᠨᠴᠠᠯᠢᠭ ᠪᠦᠬᠦᠢ ᠨᠠᠰᠤᠲᠠᠶᠢᠴᠤᠳ ᠢ ᠲᠤᠰᠠᠯᠠᠬᠤ ᠰᠢᠷᠢᠰ ᠨᠠᠷᠠᠲᠤ ᠲᠡᠮᠳᠡᠭ ᠢ ᠬᠦᠴᠦᠯᠡᠨ ᠪᠠᠶᠢᠭᠤᠯᠵᠤ᠂ ᠨᠠᠰᠤᠲᠠᠶᠢᠴᠤᠳ ᠢᠶᠠᠨ ᠬᠦᠨᠳᠦᠯᠡᠬᠦ᠂ ᠨᠠᠰᠤᠲᠠᠶᠢᠴᠤᠳ ᠢᠶᠠᠨ ᠬᠠᠶᠢᠷᠠᠯᠠᠬᠤ ᠶᠠᠪᠤᠳᠠᠯ ᠢ ᠮᠠᠨ ᠤ ᠰᠢᠶᠠᠨ ᠤ ᠬᠡᠪ ᠵᠠᠩᠰᠢᠯ ᠪᠣᠯᠭᠠᠵᠤ᠂ ᠨᠠᠰᠤᠲᠠᠶᠢᠴᠤᠳ ᠢᠶᠠᠨ ᠠᠴᠢᠯᠠᠬᠤ᠂ ᠲᠥᠷᠥᠯ ᠰᠠᠳᠤᠨ ᠢᠶᠠᠨ ᠬᠦᠨᠳᠦᠯᠡᠬᠦ ᠶᠢ ᠮᠠᠨ ᠤ ᠰᠢᠶᠠᠨ ᠤ ᠨᠢᠭᠡᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号