ᠭᠦᠭᠡᠬᠤᠲᠠ ᠶᠠᠭᠠᠬᠢᠭᠠᠳ ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ ᠪᠣᠯᠤᠭᠰᠠᠨ ᠪᠤᠶ︖
ᠨᠡᠶᠢᠲᠡᠯᠡᠭᠰᠡᠨ ᠴᠠᠭ᠄
2023/10/24
     ᠲᠦᠷᠦᠭᠦᠬᠡᠨ᠂ 23 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠪᠡᠯᠡ ᠣᠷᠣᠭᠤᠯᠤᠯᠲᠠ ᠶᠢᠨ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠳᠡᠭᠡᠷ᠎ᠡ ᠬᠤᠶᠠᠳᠤᠭᠠᠷ ᠪᠦᠯᠦᠭ ᠤᠨ ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ ᠶᠢᠨ ᠨᠡᠷᠡᠰ ᠢ ᠨᠡᠶᠢᠲᠡᠯᠡᠵᠦ᠂ ᠭᠦᠭᠡᠬᠤᠳᠠ ᠶᠢ ᠪᠠᠭᠲᠠᠭᠠᠭᠰᠠᠨ 18 ᠬᠤᠲᠠ ᠨᠡᠷᠡᠰ ᠤᠨ ᠵᠢᠭᠰᠠᠭᠠᠯᠲᠠ ᠳᠤ ᠲᠣᠳᠣᠷᠠᠪᠠ᠃      ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ ᠪᠤᠯᠬᠤ ᠨᠢᠭᠤᠴᠠ ᠨᠣᠮᠧᠷ ᠨᠢ ᠶᠠᠭᠤ ᠪᠤᠢ︖ ᠬᠤᠲᠠ ᠶᠢᠨ ᠠᠮᠢᠵᠢᠷᠠᠯ ᠤᠨ ᠬᠦᠴᠦᠨ ᠢ ᠪᠠᠲᠤᠯᠠᠬᠤ ᠭᠧᠨ ᠨᠢ ᠶᠠᠭᠤ ᠪᠤᠢ︖      ᠣᠶᠢᠷ᠎ᠠ ᠶᠢᠨ ᠵᠢᠯ ᠠᠴᠠ ᠨᠠᠭᠠᠰᠢ᠂ ᠭᠦᠭᠡᠬᠤᠲᠠ ᠬᠥᠭᠵᠢᠯᠲᠡ ᠪᠣᠯᠣᠨ ᠠᠮᠢ ᠠᠬᠤᠢ ᠶᠢᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠪᠣᠬᠢᠷᠳᠤᠯ ᠦᠭᠡᠢ ᠳᠦᠷᠢᠮ ᠠᠴᠠ ᠪᠣᠬᠢᠷᠳᠤᠯ ᠦᠭᠡᠢ ᠬᠠᠮᠠᠭᠠᠯᠠᠯᠲᠠ᠂ ᠪᠣᠬᠢᠷᠳᠤᠯ ᠦᠭᠡᠢ ᠠᠵᠤ ᠦᠢᠯᠡᠰ ᠭᠦᠷᠲᠡᠯ᠎ᠡ ᠠᠮᠢ ᠠᠬᠤᠢ ᠦᠵᠡᠰᠬᠦᠯᠡᠩᠲᠦ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠤᠯᠠᠨ ᠪᠠᠶᠠᠨ ᠴᠢᠨᠡᠭᠡᠯᠢᠭ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠭᠰᠠᠨ ᠪᠠᠶᠢᠨ᠎ᠠ᠃      ᠭᠦᠭᠡᠬᠤᠲᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢ ᠭᠤᠣᠯᠳᠠᠯᠭ᠎ᠠ ᠲᠠᠢ ᠪᠣᠶᠢᠵᠢᠭᠤᠯᠪᠠ᠃ ᠡᠭᠦᠨ ᠳᠤ ᠭᠤᠣᠯᠳᠠᠭᠤ᠄ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ︾ ᠭᠦᠷᠲᠡᠯ᠎ᠡ ᠰᠦ ᠰᠠᠭᠠᠯᠢ ᠶᠢᠨ ᠦᠢᠯᠡᠰ ᠡᠪᠡᠰᠦᠨ ᠦᠷ᠎ᠡ ᠶᠢᠨ ᠦᠢᠯᠡᠰ ᠢᠶᠠᠷ ᠭᠤᠣᠯ ᠪᠤᠯᠭᠠᠬᠰᠠᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠪᠠ᠂  ︽ᠮᠥᠬᠦᠯᠢᠭ ᠴᠠᠬᠢᠭᠤᠷ ᠠᠴᠠ ᠴᠠᠬᠢᠮ ᠢᠯᠲᠠᠰᠤ︾ ᠭᠦᠷᠲᠡᠯ᠎ᠡ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠲᠥᠷᠥᠯ ᠵᠦᠢᠯ ᠢ ᠢᠳᠡᠪᠬᠢᠲᠡᠢ ᠲᠠᠲᠠᠬᠤ ᠪᠠ ᠪᠠᠶᠢᠷᠢᠰᠢᠭᠤᠯᠪᠠ᠂  ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠪᠠ ᠡᠨᠧᠷᠭᠢ ᠶᠢᠨ ᠠᠮᠤᠷ ᠲᠦᠪᠰᠢᠨ ᠬᠤᠶᠠᠷ ᠶᠡᠭᠡ ᠭᠤᠣᠯ ᠱᠤᠭᠤᠮ ᠢ ᠪᠠᠲᠤ ᠡᠵᠡᠮᠳᠡᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠪᠣᠬᠢᠷᠳᠤᠯ ᠦᠭᠡᠢ ᠴᠠᠭᠢᠯᠭᠠᠨ ᠬᠦᠴᠦᠨ  ᠢᠶᠠᠷ ᠰᠠᠭᠤᠷᠢ ᠪᠤᠯᠭᠠᠬᠰᠠᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠪᠠ᠂  ︽ᠴᠠᠬᠢᠮ ᠢᠯᠲᠠᠰᠤ ᠠᠴᠠ ᠡᠭᠦᠯᠡᠨ ᠪᠣᠳᠣᠯᠲᠠ︾ ᠭᠦᠷᠲᠡᠯ᠎ᠠ ᠲᠣᠮᠣ ᠳ᠋ᠠᠶᠢᠲ᠋ᠠ ᠶᠢᠨ ᠡᠭᠦᠯᠡᠨ ᠪᠣᠳᠣᠯᠲᠠ ᠪᠠᠷ ᠭᠤᠣᠯᠳᠠᠯᠭ᠎ᠠ ᠪᠤᠯᠭᠠᠬᠰᠠᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠪᠠ᠂  ︽ᠨᠢᠭᠡ ᠮᠥᠬᠦᠯᠢᠭ ᠡᠷᠳᠡᠨᠢ ᠰᠢᠰᠢ ᠠᠴᠠ ᠨᠢᠭᠡ ᠮᠥᠬᠦᠯᠢᠭ ᠡᠮ︾ ᠭᠦᠷᠲᠡᠯ᠎ᠡ ᠤᠯᠤᠰ ᠤᠨ ᠳᠣᠲᠣᠭᠠᠳᠤ ᠶᠢᠨ ᠲᠡᠷᠢᠭᠦᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠰᠤᠳᠤᠯᠤᠨ ᠦᠢᠯᠡᠳᠪᠦᠷᠢᠯᠡᠬᠦ ᠰᠠᠭᠤᠷᠢᠨ ᠢ ᠪᠠᠶᠢᠭᠤᠯᠵᠤ᠂ ᠠᠮᠢᠳᠤ ᠪᠣᠳᠠᠰ ᠤᠨ ᠢᠰᠬᠡᠯᠲᠡ ᠬᠢᠭᠡᠳ ᠡᠮ ᠦᠢᠯᠡᠳᠬᠦ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠦᠷᠢᠨ ᠪᠦᠲᠦᠨ ᠵᠢᠱᠢᠶ᠎ᠡ ᠦᠵᠡᠭᠦᠯᠭᠦ ᠰᠠᠭᠤᠷᠢᠨ ᠢ ᠪᠠᠶᠢᠭᠤᠯᠤᠨ᠂ ᠠᠮᠢᠳᠤ ᠪᠣᠳᠠᠰ ᠤᠨ ᠸᠠᠺᠼᠢᠨ᠂ ᠠᠮᠢᠳᠤ ᠪᠣᠳᠠᠰ ᠤᠨ ᠢᠰᠬᠡᠯᠲᠡ ᠬᠢᠭᠡᠳ ᠡᠮ ᠦᠢᠯᠡᠳᠬᠦ᠂ ᠬᠢᠲᠠᠳ ︵ᠮᠣᠩᠭᠤᠯ︶ ᠡᠮ ᠡᠮᠨᠡᠯᠭᠡ ᠪᠠᠷ ᠭᠤᠣᠯᠳᠠᠯᠭ᠎ᠠ ᠪᠤᠯᠭᠠᠬᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠢ ᠪᠤᠶ ᠪᠤᠯᠭᠠᠪᠠ᠂ ︽ᠴᠢᠯᠠᠭᠤᠵᠢᠮᠠᠯ ᠤᠨ ᠡᠨᠧᠷᠭᠢ ᠠᠴᠠ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ︾ ᠭᠦᠷᠲᠡᠯ᠎ᠡ ᠪᠦᠭᠦ ᠣᠷᠣᠨ ᠤ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠭᠦ ᠣᠷᠣᠨ ᠢ ᠪᠦᠭᠦ ᠬᠦᠴᠦᠨ ᠢᠶᠠᠷ ᠪᠠᠶᠢᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠴᠢᠭᠯᠡᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠪᠤᠶ ᠪᠣᠯᠭᠠᠪᠠ᠃      ᠭᠦᠭᠡᠬᠤᠲᠠ ᠨᠢ ᠣᠷᠣᠰ ᠮᠣᠩᠭᠤᠯ ᠡᠸᠦ᠋ᠷᠦᠫᠡ ᠶᠢᠨ ︽ᠭᠠᠳᠠᠭᠠᠳᠤ ᠨᠡᠭᠡᠭᠡᠯᠲᠡ ᠶᠢᠨ ᠲᠣᠭᠤᠷᠢᠭ︾᠂ ᠪᠡᠭᠡᠵᠢᠩ ᠲᠢᠶᠠᠨᠵᠢᠨ ᠾᠧᠪᠧᠢ ᠶᠢᠨ ︽ᠬᠤᠶᠠᠷ ᠴᠠᠭ ᠤᠨ ᠠᠵᠤ ᠠᠬᠤᠢ ᠶᠢᠨ ᠲᠣᠭᠤᠷᠢᠭ︾᠂ ᠭᠦᠭᠡᠬᠤᠲᠠ ᠪᠤᠭᠤᠲᠤ ᠣᠷᠳᠣᠰ ᠦᠬᠠᠢ ᠶᠢᠨ ︽ᠨᠢᠭᠡ ᠴᠠᠭ ᠤᠨ ᠬᠤᠲᠠ ᠶᠢᠨ ᠲᠣᠭᠤᠷᠢᠭ︾᠂ ᠭᠦᠭᠡᠬᠤᠲᠠ ᠪᠤᠭᠤᠲᠤ ᠣᠷᠳᠣᠰ ᠲᠡᠮᠡᠭᠡᠲᠦ  ᠶᠢᠨ ᠬᠤᠲᠠ ᠶᠢᠨ ᠪᠦᠯᠦᠭᠵᠢᠯ ᠳᠤ ᠣᠷᠣᠰᠢᠵᠤ᠂ ᠮᠠᠨ ᠤ ᠤᠯᠤᠰ ᠤᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠬᠤᠯᠪᠣᠭᠰᠠᠨ ᠴᠢᠬᠤᠯᠠ ᠬᠦᠢᠰᠦ ᠬᠤᠲᠠ ᠮᠥᠨ᠂ ᠭᠦᠭᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠦᠯᠦᠭᠵᠢᠯ ᠤᠨ ᠣᠷᠣᠨ ᠪᠦᠰᠡ ᠶᠢᠨ ᠴᠢᠨᠠᠷᠲᠠᠢ ᠲᠥᠪ ᠬᠤᠲᠠ ᠮᠥᠨ᠂ ︽ᠨᠢᠭᠡ ᠪᠦᠰᠡ ᠨᠢᠭᠡ ᠵᠠᠮ︾ ᠤᠨ ᠲᠠᠯ᠎ᠠ ᠨᠤᠲᠤᠭ ᠤᠨ ᠲᠣᠷᠭᠠᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠬᠤᠯᠪᠣᠭᠰᠠᠨ ᠴᠢᠬᠤᠯᠠ ᠬᠦᠢᠰᠦ ᠬᠤᠲᠠ ᠮᠥᠨ᠃ ᠣᠳᠣᠬᠠᠨ ᠳᠤ᠂ ᠭᠦᠭᠡᠬᠤᠲᠠ ᠨᠢᠭᠡᠨᠲᠡ ᠠᠵᠤ ᠦᠢᠯᠡᠰ ᠤᠨ ᠣᠨᠴᠠᠯᠢᠭ ᠢᠶᠠᠷ ᠢᠯᠡ ᠲᠣᠳᠣ᠂ ᠬᠥᠭᠵᠢᠯᠲᠡ ᠶᠢᠨ ᠳᠠᠪᠠᠭᠤᠯᠢᠭ ᠢᠶᠠᠷ ᠲᠣᠪᠣᠶᠢᠮ᠎ᠠ ︽2 + 5 + 1︾ ᠨᠡᠭᠡᠭᠡᠯᠲᠡ ᠶᠢᠨ ᠣᠷᠣᠨ ᠤ ᠪᠠᠶᠢᠷᠢᠯᠠᠭᠤᠯᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠯᠳᠦᠭᠦᠯᠵᠦ᠂ ︽ᠵᠡᠭᠦᠨᠰᠢ ᠠᠭᠤᠰᠤᠯᠴᠠᠬᠤ᠂ ᠪᠠᠷᠠᠭᠤᠨᠰᠢ ᠬᠤᠯᠪᠣᠭᠠᠯᠠᠬᠤ᠂ ᠡᠮᠦᠨᠡᠰᠢ ᠨᠡᠪᠲᠡᠷᠡᠯᠴᠡᠬᠦ᠂ ᠤᠮᠠᠷᠠᠰᠢ ᠨᠡᠭᠡᠭᠡᠯᠲᠡ ᠬᠢᠬᠦ︾ ᠪᠦᠭᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠢᠳᠡᠪᠬᠢᠲᠡᠢ ᠪᠠᠶᠢᠭᠤᠯᠪᠠ᠃      ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠰᠤᠷᠤᠯᠴᠠᠬᠤ ᠳᠤ ᠲᠣᠬᠢᠷᠠᠮᠵᠢᠲᠠᠢ᠂ ᠨᠠᠰᠤᠵᠢᠯ ᠤᠨ ᠠᠰᠠᠷᠠᠮᠵᠢ ᠳᠤ ᠲᠣᠬᠢᠷᠠᠮᠵᠢᠲᠠᠢ᠂ ᠵᠢᠭᠤᠯᠴᠢᠯᠠᠬᠤ ᠳᠤ ᠲᠣᠬᠢᠷᠠᠮᠵᠢᠲᠠᠢ ᠴᠢᠨᠠᠷ ᠰᠠᠶᠢᠲᠠᠢ ᠬᠤᠲᠠ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃ ᠡᠨᠡ ᠪᠣᠯ ᠭᠦᠭᠡᠬᠤᠲᠠ ᠶᠢᠨ ᠥᠪᠡᠷᠲᠡᠭᠡᠨ ᠵᠠᠰᠠᠬᠤ ᠣᠷᠣᠨ ᠠᠴᠠ ᠣᠷᠣᠨ ᠤ ᠲᠥᠪ ᠲᠤ ᠲᠠᠯᠪᠢᠭᠰᠠᠨ ᠬᠠᠷᠠᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃      ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠪᠠᠶᠢᠬᠤ ᠲᠠᠯ᠎ᠠ ᠪᠠᠷ᠂ ᠭᠦᠭᠡᠬᠤᠲᠠ ᠬᠤᠲᠠ ᠶᠢᠨ ᠰᠢᠨᠡᠴᠢᠯᠡᠯᠲᠡ  ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ 48 ᠵᠤᠷᠪᠤᠰ ᠮᠤᠬᠤᠷ ᠵᠠᠮ ᠢ ᠨᠠᠪᠲᠠᠷᠡᠭᠦᠯᠵᠦ᠂ 179 ᠵᠤᠷᠪᠤᠰ ᠵᠡᠭᠡᠯᠢ ᠭᠤᠳᠤᠮᠵᠢ ᠶᠢ ᠥᠭᠡᠷᠡᠴᠢᠯᠡᠨ ᠪᠠᠶᠢᠭᠤᠯᠪᠠ᠂ 270 ᠭᠠᠷᠤᠢ ᠺᠢᠯᠣᠮᠧᠲᠷ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠰᠢᠨᠡᠳᠬᠡᠨ ᠵᠠᠰᠠᠪᠠ᠂  725 ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠨ ᠪᠠᠶᠢᠭᠤᠯᠵᠤ᠂ ᠪᠠᠷᠤᠭ 996 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 11 ᠲᠦᠮᠡᠨ ᠡᠷᠦᠭᠡ ᠰᠠᠭᠤᠭᠠᠯᠢ ᠠᠷᠠᠳ ᠲᠤ ᠬᠤᠯᠪᠣᠭᠳᠠᠪᠠ᠃      ᠠᠵᠢᠯᠯᠠᠬᠤ ᠳᠤ ᠲᠣᠬᠢᠷᠠᠮᠵᠢᠲᠠᠢ ᠪᠠᠶᠢᠬᠤ ᠲᠠᠯ᠎ᠠ ᠪᠠᠷ᠂ ᠭᠦᠭᠡᠬᠤᠲᠠ 2025 ᠣᠨ ᠪᠤᠯᠬᠤ ᠳᠤ ᠪᠦᠭᠦ ᠬᠤᠲᠠ  ᠶᠢᠨ ᠪᠠᠶᠢᠩᠭᠤ ᠰᠠᠭᠤᠭ᠎ᠠ ᠬᠥᠮᠥᠨ ᠠᠮᠠ 375 ᠲᠦᠮᠡ ᠶᠢ ᠳᠠᠪᠠᠭ᠋ᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠶᠢ ᠳᠠᠪᠠᠭ᠋ᠤ ᠶᠡᠷᠦᠩᠬᠡᠢ ᠬᠠᠷᠠᠯᠲᠠ ᠶᠢᠨ ᠲᠣᠭᠤᠷᠢᠨ ᠳᠤ ᠭᠦᠭᠡᠬᠤᠲᠠ ᠶᠢᠨ ᠬᠥᠮᠥᠰ ᠤᠨ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠭᠤᠯᠲᠠ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠮ ᠡᠮᠨᠡᠯᠭᠡ᠂ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠵᠡᠷᠭᠡ ᠲᠠᠯ᠎ᠠ ᠠᠴᠠ ᠬᠦᠴᠦᠯᠡᠨ ᠭᠠᠷᠳᠠᠵᠤ᠂ ᠳᠥᠷᠪᠡᠨ ᠲᠠᠯ᠎ᠠ ᠶᠢᠨ 18 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠭᠦᠭᠡᠬᠤᠲᠠ ᠳᠤ ᠦᠯᠡᠳᠡᠬᠦ᠂ ᠭᠦᠭᠡᠬᠤᠲᠠ ᠳᠤ ᠪᠤᠴᠠᠬᠤ᠂ ᠭᠦᠭᠡᠬᠤᠲᠠ ᠳᠤ ᠢᠷᠡᠵᠦ ᠠᠵᠢᠯ ᠣᠯᠵᠤ ᠦᠢᠯᠡᠰ ᠪᠣᠰᠬᠠᠬᠤ ᠶᠢ ᠶᠡᠭᠡ ᠪᠠᠷ ᠠᠬᠢᠭᠤᠯᠤᠭᠰᠠᠨ ᠪᠠᠶᠢᠨ᠎ᠠ᠃      ᠰᠤᠷᠤᠯᠴᠠᠬᠤ ᠳᠤ ᠲᠣᠬᠢᠷᠠᠮᠵᠢᠲᠠᠢ ᠪᠠᠶᠢᠬᠤ ᠲᠠᠯ᠎ᠠ ᠪᠠᠷ᠂ ᠭᠦᠭᠡᠬᠤᠲᠠ ᠣᠶᠢᠷ᠎ᠠ ᠶᠢᠨ ᠵᠢᠯ ᠳᠤ ᠳᠤᠮᠳᠠᠳᠤ ᠪᠠᠭ᠎ᠠ ᠰᠤᠷᠭᠠᠭᠤᠯᠢ ᠶᠢ 12 ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠰᠤᠷᠤᠬᠴᠢ ᠶᠢᠨ ᠣᠷᠣᠨ ᠲᠤᠭ᠎ᠠ  ᠶᠢ ᠰᠢᠨ᠎ᠡ ᠪᠠᠷ 2.1 ᠲᠦᠮᠡ ᠨᠡᠮᠡᠭᠳᠡᠭᠦᠯᠵᠦ᠂ ᠬᠡᠦᠬᠡᠳ ᠤᠨ ᠴᠡᠴᠡᠷᠯᠢᠭ ᠢ ᠰᠢᠨ᠎ᠡ ᠪᠠᠷ 29 ᠪᠠᠶᠢᠭᠤᠯᠪᠠ᠃ ᠡᠭᠦᠨ ᠤ ᠬᠠᠮᠲᠤ᠂ ︽3 ᠵᠢᠯ ᠳᠤ 100 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃      ᠨᠠᠰᠤᠵᠢᠯ ᠤᠨ ᠠᠰᠠᠷᠠᠮᠵᠢ ᠳᠤ ᠲᠣᠬᠢᠷᠠᠮᠵᠢᠲᠠᠢ ᠪᠠᠶᠢᠬᠤ ᠲᠠᠯ᠎ᠠ ᠪᠠᠷ᠂ ᠭᠦᠭᠡᠬᠤᠲᠠ ᠠᠷᠪᠠᠨ ᠲᠠᠪᠤᠨ ᠮᠢᠨᠦ᠋ᠲ  ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠢ ᠦᠨᠳᠦᠰᠦᠨ ᠳᠡᠭᠡᠨ ᠪᠦᠷᠢᠯᠳᠦᠭᠦᠯᠵᠦ᠂ ᠡᠮᠨᠡᠬᠦ ᠰᠤᠪᠢᠯᠠᠬᠤ ᠶᠢ ᠠᠭᠤᠰᠤᠯᠴᠠᠭᠤᠯᠤᠭᠰᠠᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ ᠨᠡᠶᠢᠭᠡᠮᠴᠢᠯᠡᠭᠰᠡᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠣᠯᠠᠨ ᠡᠰᠢᠵᠢᠭᠦᠯᠦᠭᠰᠡᠨ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢ ᠣᠶᠤᠨᠴᠢᠯᠠᠭᠰᠠᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃      ᠵᠢᠭᠤᠯᠴᠢᠯᠠᠬᠤ ᠳᠤ ᠲᠣᠬᠢᠷᠠᠮᠵᠢᠲᠠᠢ ᠪᠠᠶᠢᠬᠤ ᠲᠠᠯ᠎ᠠ ᠪᠠᠷ᠂ ᠭᠦᠭᠡᠬᠤᠲᠠ ᠨᠢᠭᠡᠨᠲᠡ ᠬᠤᠶᠢᠲᠤ ᠬᠡᠰᠡᠭ ᠤᠨ ᠴᠡᠯᠡᠭᠡᠷ ᠲᠠᠯ᠎ᠠ᠂ ᠳᠤᠮᠳᠠ ᠬᠡᠰᠡᠭ ᠤᠨ ᠶᠡᠭᠡ ᠲᠦᠷᠭᠡᠨ ᠭᠤᠣᠯ᠂ ᠡᠮᠦᠨ᠎ᠡ ᠬᠡᠰᠡᠭ ᠤᠨ ᠬᠠᠲᠤᠨ ᠭᠤᠣᠯ ᠤᠨ ᠦᠵᠡᠮᠵᠢ  ᠶᠢᠨ ᠰᠣᠶᠣᠯ ᠵᠢᠭᠤᠯᠴᠢᠯᠠᠯ ᠤᠨ ᠪᠦᠰᠡ ᠶᠢ ᠪᠦᠷᠢᠯᠳᠦᠭᠦᠯᠵᠦ᠂ A ᠲᠠᠰ ᠤᠨ ᠦᠵᠡᠮᠵᠢ ᠶᠢᠨ ᠣᠷᠣᠨ ᠨᠡᠶᠢᠲᠡ 47 ᠪᠠᠶᠢᠵᠤ᠂ ᠬᠡᠪᠲᠡᠭᠡ ᠦᠬᠡᠷ ᠤᠨ ᠲᠣᠬᠤᠢ ᠬᠠᠲᠤᠨ ᠭᠤᠣᠯ ᠤᠨ ᠶᠡᠭᠡ ᠬᠠᠪᠴᠢᠯ᠂ ᠢᠯᠢ ᠶᠢᠨ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠶᠠᠭ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ ᠪᠠᠶᠢᠨ᠎ᠠ᠃      ︽ᠦᠵᠡᠰᠬᠦᠯᠡᠩᠲᠦ ᠰᠠᠶᠢᠬᠠᠨ ᠭᠦᠭᠡᠬᠤᠲᠠ ᠲᠠᠯ᠎ᠠ ᠨᠤᠲᠤᠭ ᠤᠨ ᠬᠤᠳᠠ︾᠂ ᠭᠦᠭᠡᠬᠤᠳᠠ ᠡᠨᠡᠬᠦ ᠪᠣᠳᠠᠲᠤ ᠬᠦᠴᠦᠨᠲᠦ ᠬᠤᠳᠠ᠂ ᠬᠥᠭᠵᠢᠯᠲᠡ ᠰᠠᠶᠢᠲᠠᠢ ᠬᠤᠳᠠ᠂ ᠦᠵᠡᠰᠬᠦᠯᠡᠩᠲᠦ ᠰᠠᠶᠢᠬᠠᠨ ᠬᠤᠳᠠ᠂ ᠠᠮᠢᠵᠢᠷᠠᠯ ᠪᠢᠯᠬᠠᠭᠰᠠᠨ ᠬᠤᠳᠠ᠂ ᠵᠢᠷᠭᠠᠯᠲᠤ ᠬᠤᠳᠠ᠂ ᠨᠡᠭᠡᠭᠡᠯᠲᠡᠲᠤ ᠬᠤᠳᠠ ᠶᠢᠨ ᠢᠯᠡ ᠲᠣᠳᠣ ᠥᠪᠡᠷᠮᠢᠴᠡ ᠣᠨᠴᠠᠯᠢᠭ ᠢᠶᠠᠷ ᠢᠶᠠᠨ ︽ᠪᠡᠯᠡ ᠣᠷᠣᠭᠤᠯᠤᠯᠲᠠ ᠶᠢᠨ ᠰᠢᠳᠢ ᠬᠦᠴᠦᠨ︾ ᠢᠶᠠᠨ ᠭᠠᠶᠢᠬᠠᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号