ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠶ᠎ᠡ - ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠳᠥᠷᠪᠠᠨᠲᠡ ᠥᠭᠦᠯᠡᠬᠦ ᠨᠢ
ᠨᠡᠶᠢᠲᠡᠯᠡᠭᠰᠡᠨ ᠴᠠᠭ᠄
2023/10/24
     ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ ᠪᠣᠯ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠳᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ ᠭᠡᠵᠦ ᠳᠤᠷᠠᠳᠪᠠ᠂ ᠡᠨᠡ ᠨᠢ ᠥᠪᠥᠷ ᠮᠣᠩᠭᠤᠯ ᠤᠨ ᠰᠢᠨ᠎ᠡ ᠠᠶᠠᠨ ᠳᠤ ᠪᠣᠬᠢᠷᠳᠤᠯ ᠦᠭᠡᠢ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠵᠠᠢ᠃      ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠠᠢ᠂ ᠮᠥᠨ ᠴᠦ  ᠡᠬᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠤᠨ ᠨᠡᠶᠢᠲᠡᠯᠢᠭ ᠲᠣᠮᠣ ᠣᠷᠣᠨ ᠪᠣᠯᠣᠨ᠎ᠠ᠃ ᠥᠪᠥᠷ ᠮᠣᠩᠭᠤᠯ ᠳᠤ ᠠᠪᠴᠤ ᠬᠡᠯᠡᠪᠡᠯ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠪᠣᠯ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠦᠨᠳᠦᠰᠦᠨ ᠤᠷᠢᠲᠠᠯ ᠮᠥᠨ᠂ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠠᠰᠠᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠪᠢᠳᠡ ᠡᠬᠢ ᠪᠠᠶᠠᠯᠢᠭ ᠤᠨ ᠣᠨᠴᠠᠯᠢᠭ ᠪᠠ ᠳᠠᠪᠠᠭᠤᠯᠢᠭ ᠲᠠᠭᠠᠨ ᠰᠠᠭᠤᠷᠢᠯᠠᠨ᠂ ᠰᠠᠭᠤᠷᠢ ᠶᠢ ᠲᠠᠯᠪᠢᠨ ᠠᠯᠤᠰ ᠭᠡᠳᠦ ᠶᠢ ᠪᠣᠳᠣᠯᠬᠢᠯᠠᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠢᠨ᠎ᠡ ᠠᠷᠭ᠎ᠠ ᠵᠠᠮ ᠢ  ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃      ᠥᠪᠥᠷ ᠮᠣᠩᠭᠤᠯ ᠤᠨ ᠡᠬᠢ ᠪᠠᠶᠠᠯᠢᠭ ᠡᠯᠪᠡᠭ᠂ ᠭᠡᠪᠡᠴᠦ ᠵᠢᠭᠠᠬᠠᠨ ᠴᠤ ᠢᠯᠡᠭᠦᠳᠡᠬᠦ ᠦᠭᠡᠢ ᠪᠣᠯᠬᠤᠷ  ᠪᠦᠷᠢᠯᠭᠡᠨ ᠰᠦᠢᠳᠬᠡᠬᠦ ᠶᠢ ᠳᠠᠭᠠᠭᠠᠬᠤ ᠦᠭᠡᠢ᠃ ᠠᠭᠤᠷᠬᠠᠢ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠡᠷᠬᠡᠪᠰᠢ ᠪᠦᠲᠦᠮᠵᠢᠲᠡᠶ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠬᠡᠷᠡᠭᠴᠡᠭᠡ ᠶᠢᠨ  ᠬᠠᠮᠢᠶᠠᠷᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠡᠬᠢ ᠪᠠᠶᠠᠯᠢᠭ ᠤᠨ ᠰᠠᠭᠤᠷᠢᠨ᠂ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ᠂ ᠭᠤᠣᠯᠳᠠᠯᠭ᠎ᠠ ᠲᠠᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠵᠣᠯᠭᠠᠭᠤᠯᠬᠤ ᠶᠢ ᠰᠠᠶᠢᠲᠤᠷ ᠬᠢᠬᠦ ᠭᠡᠷᠡᠭᠲᠡᠶ;ᠪᠤᠭᠢᠷᠲᠤᠯ ᠦᠭᠡᠢ ᠬᠠᠶᠢᠨ ᠪᠠᠶᠢᠴᠠᠭᠠᠯᠲᠠ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠢ ᠬᠡᠷᠡᠭᠯᠡᠬᠦ ᠶᠢ ᠠᠬᠢᠭᠤᠯᠬᠤ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠲᠣᠭᠲᠠᠭᠠᠬᠤ ᠭᠡᠷᠡᠭᠲᠡᠢ; ᠠᠭᠤᠷᠬᠠᠢ ᠶᠢᠨ ᠡᠬᠢ ᠪᠠᠶᠠᠯᠢᠭ ᠢ ᠠᠷᠪᠢᠯᠠᠬᠤ ᠬᠢᠭᠡᠳ ᠶᠡᠷᠦᠩᠬᠡᠶᠢᠯᠡᠨ ᠠᠰᠢᠭᠯᠠᠬᠤ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠡᠬᠢ ᠪᠠᠶᠠᠯᠢᠭ᠂ ᠣᠷᠴᠢᠨ ᠲᠣᠭᠤᠷᠢᠨ᠂ ᠠᠵᠤ ᠠᠬᠤᠢ᠂ ᠨᠡᠶᠢᠭᠡᠮ ᠤᠨ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ  ᠪᠠᠷ ᠰᠢᠯᠢᠳᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃      ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ  ᠰᠦᠪᠡᠭᠴᠢᠯᠡᠵᠦ᠂ ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠶᠢ ᠴᠢᠩᠭᠠᠳᠬᠠᠬᠤ ᠪᠣᠯ ᠴᠢᠬᠤᠯᠠ ᠨᠢᠭᠡ ᠭᠤᠭᠴᠤᠭ᠎ᠠ ᠪᠣᠯᠣᠨ᠎ᠠ᠃ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢ ᠱᠠᠯᠠᠪᠳᠠᠭᠤᠯᠵᠤ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠰᠡᠷᠭᠦᠭᠡᠨ ᠵᠠᠰᠠᠬᠤ ᠪᠠ ᠭᠠᠵᠠᠷ ᠰᠢᠷᠣᠢ ᠶᠢ ᠳᠠᠭᠢᠨ ᠬᠠᠭᠠᠯᠪᠤᠷᠢᠯᠠᠬᠤ ᠡᠭᠦᠷᠭᠡ ᠶᠢ ᠪᠦᠭᠦ ᠲᠠᠯ᠎ᠠ ᠪᠠᠷ ᠭᠦᠢᠴᠡᠳᠬᠡᠯᠭᠡᠵᠦ᠂ ᠭᠤᠷᠪᠠᠳᠠᠭᠢ ᠡᠲᠡᠭᠡᠳ ᠠᠴᠠ ᠵᠠᠰᠠᠬᠤ ᠵᠠᠭᠪᠤᠷ ᠢ ᠰᠦᠪᠡᠭᠴᠢᠯᠡᠨ ᠳᠡᠮᠵᠢᠬᠦ ᠭᠡᠷᠡᠭᠲᠡᠶ᠂  ᠨᠥᠬᠦᠴᠡᠯ ᠪᠦᠷᠢᠯᠳᠦᠭᠦᠯᠦᠭᠰᠡᠨ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠬᠡᠪᠴᠢᠶᠡᠵᠢᠭᠦᠯᠦᠨ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠬᠦ᠂ ᠬᠥᠷᠰᠢ ᠵᠡᠷᠭᠡᠯᠡᠳᠡᠭᠡ ᠠᠭᠤᠷᠬᠠᠢ ᠶᠢᠨ ᠠᠵᠤ ᠠᠬᠤᠶᠢᠯᠠᠯ ᠤᠳ ᠲᠥᠪᠯᠡᠷᠡᠨ ᠵᠠᠯᠭᠠᠯᠳᠤᠵᠤ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠬᠤ ᠭᠡᠷᠡᠭᠳᠡᠢ᠂ ᠲᠡᠦᠭᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠳᠤ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠵᠤ  ᠵᠦᠢ ᠵᠣᠬᠢᠰᠲᠠᠢ ᠠᠰᠢᠭ ᠬᠠᠷᠢᠭᠤ ᠣᠯᠬᠤ ᠶᠢ ᠵᠣᠷᠢᠭᠵᠢᠭᠤᠯᠤᠨ ᠳᠡᠮᠵᠢᠵᠦ᠂ ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠤᠶ ᠪᠤᠯᠭᠠᠬᠤ ᠬᠡᠷᠡᠭᠲᠡᠢ᠃      ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠳᠤ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠣᠯ ᠵᠠᠩᠭᠢᠯᠠᠭ᠎ᠠ ᠪᠣᠯᠣᠨ᠎ᠠ᠃ ᠡᠬᠢ ᠪᠠᠶᠠᠯᠢᠭ ᠢ ᠨᠡᠭᠡᠭᠡᠨ ᠠᠰᠢᠭᠯᠠᠬᠤ ᠨᠥᠬᠦᠪᠦᠷᠢ ᠶᠢᠨ ᠲᠣᠭᠲᠠᠴᠠ ᠪᠣᠯᠣᠨ ᠠᠰᠢᠭ ᠲᠤᠰᠠ ᠶᠢᠨ ᠬᠤᠪᠢᠶᠠᠷᠢᠯᠠᠯᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠬᠦ᠂ ᠠᠭᠤᠷᠬᠠᠢ ᠶᠢᠨ ᠣᠷᠣᠨ ᠤ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ ᠠᠵᠤ ᠠᠬᠤᠶᠢᠯᠠᠯ ᠤᠨ ᠮᠤᠵᠢ ᠣᠷᠣᠨ ᠤ ᠬᠤᠭᠤᠷᠣᠨᠳᠣᠭᠢ ᠪᠡᠯᠡᠨ ᠪᠠᠷᠠᠭᠠᠨ ᠤ ᠠᠷᠠᠯᠵᠢᠶ᠎ᠠ ᠳᠤ ᠣᠷᠤᠯᠴᠠᠬᠤ ᠶᠢ ᠠᠬᠢᠭᠤᠯᠬᠤ᠂ ᠭᠦᠭᠡᠬᠤᠲᠠ ᠶᠢᠨ ᠡᠨᠧᠷᠭᠢ ᠶᠢᠨ ᠡᠬᠢ ᠪᠠᠶᠠᠯᠢᠭ ᠤᠨ ᠶᠡᠷᠦᠩᠬᠡᠢ ᠬᠡᠯᠲᠡᠰ ᠤᠨ ᠠᠵᠤ ᠠᠬᠤᠢ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠨᠡᠶᠢᠳᠬᠡᠬᠦ᠂ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠬᠤ ᠵᠡᠷᠭᠡ ᠲᠠᠯ᠎ᠠ ᠠᠴᠠ ᠭᠠᠷᠳᠠᠵᠤ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠡᠨᠧᠷᠭᠢ ᠬᠠᠩᠭᠠᠬᠤ ᠬᠡᠷᠡᠭᠲᠡᠢ᠃      ᠪᠡᠷᠬᠡ ᠪᠠᠷᠳᠠᠭ᠎ᠠ ᠶᠢ ᠢᠯᠠᠨ ᠳᠠᠪᠠᠵᠤ  ᠳᠠᠷᠪᠠᠭᠤᠯ ᠬᠡᠶᠢᠰᠬᠡᠨ ᠡᠷᠡᠮᠡᠬᠡᠶᠢᠯᠡᠨ ᠤᠷᠤᠭᠰᠢᠯᠠᠨ᠎ᠠ᠃ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠳᠤ ᠡᠷᠡᠰ ᠪᠠᠲᠤ ᠢᠲᠡᠭᠡᠯ ᠪᠢᠰᠢᠷᠡᠯ ᠪᠠᠶᠢᠬᠤ ᠬᠡᠷᠡᠭᠲᠡᠢ᠂ ᠨᠠᠩ ᠴᠤ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠶᠢᠬᠤ ᠬᠡᠷᠡᠭᠲᠡᠢ᠃ ᠪᠢᠳᠡ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠨᠡᠩ ᠶᠡᠭᠡ ᠡᠷᠴᠢ ᠵᠣᠷᠢᠭ ᠢᠶᠠᠨ ᠪᠠᠲᠤᠳᠬᠠᠵᠤ᠂ ᠨᠡᠩ ᠶᠡᠭᠡ ᠰᠥᠰᠥ ᠵᠣᠷᠢᠭ ᠭᠠᠷᠭᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠵᠠᠮ ᠳᠡᠭᠡᠷ᠎ᠡ ᠢᠳᠡᠷᠡᠭᠦᠨ ᠠᠯᠬᠤᠭ᠎ᠠ ᠪᠠᠷ ᠤᠷᠤᠭᠰᠢᠯᠠᠵᠠᠭᠠᠶ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号