ᠶᠠᠩ ᠰᠢᠩ ᠱᠧᠩ ᠬᠤᠭᠤᠯᠠᠢ ᠠᠭᠤᠯᠠ ᠰᠢᠶᠠᠩ ᠤᠨ ᠬᠤᠭᠤᠯᠠᠢ ᠠᠭᠤᠯᠠ ᠲᠣᠰᠬᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/10/25
     10 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠨᠠᠷ ᠬᠤᠭᠤᠯᠠᠢ ᠠᠭᠤᠯᠠ ᠰᠢᠶᠠᠩ ᠤᠨ ᠬᠤᠭᠤᠯᠠᠢ ᠠᠭᠤᠯᠠ ᠲᠣᠰᠬᠤᠨ ᠳᠤ ᠬᠦᠷᠴᠦ᠂ ᠲᠣᠰ ᠲᠣᠰᠬᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃      ᠶᠠᠷᠢᠯᠴᠠᠬᠤ ᠬᠤᠷᠠᠯ ᠳᠡᠭᠡᠷ᠎ᠡ᠂ ᠶᠠᠩ ᠰᠢᠩ ᠱᠧᠩ ᠬᠤᠭᠤᠯᠠᠢ ᠠᠭᠤᠯᠠ ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰ ᠲᠣᠰᠬᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠭᠤᠯᠠᠢ ᠠᠭᠤᠯᠠ ᠲᠣᠰᠬᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠣᠳᠠᠲᠠᠢ ᠪᠠᠶᠢᠳᠠᠯ ᠢ ᠨᠠᠷᠢᠨ ᠣᠶᠢᠯᠠᠭᠠᠪᠠ᠃      ᠲᠡᠷᠡ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠨᠢ ᠤᠯᠠᠨ ᠲᠦᠮᠡᠨ ᠲᠠᠢ ᠨᠡᠩ ᠰᠢᠭᠤᠳ᠂ ᠨᠡᠩ ᠨᠢᠭᠲᠠ ᠬᠤᠯᠪᠣᠵᠤ ᠪᠠᠶᠢᠳᠠᠭ᠂ ᠣᠳᠣᠬᠠᠨ ᠳᠤ᠂ ᠬᠤᠭᠤᠯᠠᠢ ᠠᠭᠤᠯᠠ ᠲᠣᠰᠬᠤᠨ ᠤ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠠᠵᠢᠯᠯᠠᠭ᠎ᠠ ᠨᠢ ᠠᠯᠬᠤᠮ ᠳᠠᠷᠠᠭ᠎ᠠ ᠲᠠᠢ ᠪᠠᠷ ᠶᠠᠪᠤᠭᠳᠠᠵᠤ᠂ ᠵᠣᠬᠢᠬᠤ ᠦᠷ᠎ᠡ ᠪᠦᠲᠦᠮᠵᠢ ᠣᠯᠪᠠ᠂ ᠡᠨᠡ ᠨᠢ ᠨᠤᠲᠠᠯᠠᠭᠤᠰᠢᠲᠠᠢ ᠪᠠᠶᠢᠨ᠎ᠠ᠂ ᠭᠡᠪᠡᠴᠦ ᠦᠨᠳᠦᠰᠦᠨ ᠱᠠᠲᠤᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠠᠭᠤᠷ ᠠᠮᠢᠰᠬᠤᠯ ᠲᠡᠶᠢᠮᠦ ᠥᠳᠬᠡᠨ ᠪᠢᠰᠢ᠂ ᠨᠡᠩ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠳᠡᠭᠰᠡᠨ ᠦᠭᠡᠢ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠮᠥᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠭᠡᠵᠦ ᠵᠢᠭᠠᠵᠤ ᠭᠠᠷᠭᠠᠪᠠ᠃      ᠲᠡᠷᠡ᠂ ᠤᠨᠤᠯ ᠤᠨ ᠰᠤᠷᠤᠯᠴᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ︔ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠵᠣᠷᠢᠯᠭ᠎ᠠ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠶᠤᠮ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠪᠠᠲᠤᠯᠠᠵᠤ᠂ ᠬᠤᠭᠤᠯᠠᠢ ᠠᠭᠤᠯᠠ ᠲᠣᠰᠬᠤᠨ ᠤ ᠪᠣᠳᠠᠲᠠᠢ ᠪᠠᠶᠢᠳᠠᠯ ᠳᠤ ᠰᠠᠭᠤᠷᠢᠯᠠᠵᠤ᠂ ᠣᠨᠴᠠᠯᠢᠭᠲᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︔ ᠬᠡᠯᠪᠡᠷᠢᠴᠢ ᠦᠵᠡᠯ ᠢ ᠡᠷᠡᠰ ᠲᠡᠪᠴᠢᠵᠦ᠂ ᠦᠨᠡᠨ ᠠᠴᠠ ᠵᠥᠪ ᠢ ᠡᠷᠢᠵᠦ᠂ ᠭᠤᠣᠯ ᠰᠡᠳᠦᠪᠲᠦ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠪᠠᠷ ᠥᠷᠨᠢᠭᠦᠯᠵᠦ᠂ ᠠᠷᠠᠳ ᠤᠯᠠᠨ ᠳᠤ ᠦᠨᠡᠨᠬᠦ ᠪᠣᠳᠠᠲᠠᠢ ᠠᠵᠢᠯ ᠬᠢᠵᠦ ᠥᠭᠬᠦ ᠬᠡᠷᠡᠭᠲᠡᠢ︔ ᠰᠢᠶᠠᠩ ᠤᠨ ᠨᠠᠮ ᠤᠨ ᠬᠤᠷᠢᠶ᠎ᠠ ᠶᠢᠨ ᠱᠦᠵᠢ᠂ ᠲᠣᠰᠬᠤᠨ ᠤ ᠨᠠᠮ ᠤᠨ ᠡᠭᠦᠷ ᠤᠨ ᠱᠦᠵᠢ ᠢᠳᠡᠪᠬᠢᠲᠡᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠠᠢ ᠠᠵᠢᠯ ᠬᠢᠯᠭᠡᠵᠦ᠂ ᠪᠣᠳᠠᠲᠠᠢ ᠠᠷᠭ᠎ᠠ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ︔ ᠰᠢᠮᠳᠠᠭᠤᠯᠤᠨ ᠵᠢᠯᠣᠭᠤᠳᠬᠤ ᠵᠢᠭᠠᠨ ᠵᠢᠯᠣᠭᠤᠳᠬᠤ ᠶᠢ ᠴᠢᠩᠭ᠎ᠠ ᠪᠥᠭᠡᠳ ᠪᠣᠳᠠᠲᠠᠢ ᠪᠠᠷ ᠴᠢᠩᠭᠠᠳᠬᠠᠵᠤ᠂ ᠲᠣᠪᠣᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号