ᠰᠢ ᠶᠢᠨ ᠫᠢᠩ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠳᠡᠭᠡᠨ ᠴᠢᠬᠤᠯᠠᠴᠢᠯᠠᠭᠰᠠᠨ ᠨᠢ ᠠᠵᠢᠯᠴᠢᠨ ᠤ ᠡᠪᠯᠡᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠼᠠᠢ ᠴᠢ ᠣᠷᠣᠯᠴᠠᠵᠠᠢ
ᠨᠡᠶᠢᠲᠡᠯᠡᠭᠰᠡᠨ ᠴᠠᠭ᠄
2023/10/25
    ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠤᠳᠤᠷᠢᠳᠤᠯᠭ᠎ᠠ ᠳᠣᠣᠷ᠎ᠠ ᠬᠥᠭᠵᠢᠵᠦ ᠢᠷᠡᠭᠰᠡᠨ ᠶᠤᠮ᠂ ᠠᠵᠢᠯᠴᠢᠨ ᠤ ᠡᠪᠯᠡᠯ ᠪᠣᠯ ᠨᠠᠮ ᠤᠨ ᠤᠳᠤᠷᠢᠳᠤᠭᠰᠠᠨ ᠠᠵᠢᠯᠴᠢᠨ ᠠᠩᠭᠢ ᠶᠢᠨ ᠤᠯᠠᠨ ᠲᠦᠮᠡᠨᠴᠢ ᠵᠣᠬᠢᠶᠠᠨ ᠪᠠᠶᠢᠭᠤᠯᠤᠯᠲᠠ ᠮᠥᠨ᠃ ᠨᠠᠮ ᠤᠨ ᠠᠵᠢᠯᠴᠢᠨ ᠤ ᠡᠪᠯᠡᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠣᠣᠷ᠎ᠠ ᠴᠤ ᠭᠤᠶᠢᠪᠢᠯᠵᠠᠵᠤ ᠪᠤᠯᠬᠤ ᠦᠭᠡᠢ᠂ ᠵᠠᠶᠢᠳᠠᠵᠤ ᠪᠤᠯᠬᠤ ᠦᠭᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃
     10 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ            ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ᠃      ᠰᠢ ᠶᠢᠨ ᠫᠢᠩ ᠶᠠᠭᠤᠨ ᠤ ᠡᠮᠦᠨ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤᠮᠳᠠ ᠭᠤᠣᠯᠯᠠᠭᠴᠢ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠠᠵᠢᠯᠴᠢᠨ ᠤ ᠡᠪᠯᠡᠯ ᠤᠨ ᠠᠵᠢᠯ ᠪᠦᠭᠦ ᠲᠠᠯ᠎ᠠ ᠪᠠᠷ ᠳᠠᠪᠰᠢᠵᠠᠢ᠃ ᠥᠩᠭᠡᠷᠡᠭᠰᠡᠨ 5 ᠵᠢᠯ ᠳᠤ᠂ ᠥᠷᠭᠡᠨ ᠣᠯᠠᠨ ᠠᠵᠢᠯᠲᠠᠨ ᠠᠵᠢᠯᠴᠢᠨ ᠨᠠᠮ ᠲᠠᠢ ᠰᠡᠳᠬᠢᠯ ᠵᠢᠷᠦᠬᠡ ᠪᠠᠨ ᠬᠤᠯᠪᠣᠨ᠂ ᠨᠠᠮ ᠢᠶᠠᠨ ᠳᠠᠭᠠᠵᠤ ᠲᠡᠮᠡᠴᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠴᠢᠬᠤᠯᠠ ᠶᠡᠭᠡ ᠠᠵᠢᠯ ᠤᠨ ᠳᠤᠮᠳᠠ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠡᠯ᠎ᠡ ᠱᠠᠲᠤᠨ ᠤ ᠠᠵᠢᠯᠴᠢᠨ ᠤ ᠡᠪᠯᠡᠯ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠵᠤ᠂ ᠭᠦᠳᠡᠯᠮᠦᠷᠢ ᠶᠢᠨ ᠬᠦᠷᠢᠶᠡᠨ ᠤ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠵᠤ᠂ ᠠᠵᠢᠯᠴᠢᠨ ᠤ ᠡᠪᠯᠡᠯ ᠤᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠲᠠᠰᠤᠷᠠᠯᠳᠠ ᠦᠭᠡᠢ ᠴᠢᠩᠭᠠᠳᠬᠠᠪᠠ᠃ ᠠᠵᠢᠯᠴᠢᠨ ᠠᠩᠭᠢ ᠶᠢᠨ ᠭᠠᠷᠭᠠᠭᠰᠠᠨ ᠴᠢᠬᠤᠯᠠ ᠶᠡᠭᠡ ᠬᠤᠪᠢ ᠨᠡᠮᠡᠷᠢ᠂ ᠠᠵᠢᠯᠴᠢᠨ ᠤ ᠡᠪᠯᠡᠯ ᠤᠨ ᠠᠵᠢᠯ ᠤᠨ ᠣᠯᠣᠭᠰᠠᠨ ᠰᠢᠨ᠎ᠡ ᠠᠮᠵᠢᠯᠲᠠ ᠪᠦᠲᠦᠮᠵᠢ ᠶᠢ ᠨᠠᠮ ᠤᠨ ᠲᠥᠪ ᠬᠤᠷᠢᠶ᠎ᠠ ᠭᠦᠢᠴᠡᠳ ᠨᠤᠲᠠᠯᠠᠵᠤ ᠪᠠᠶᠢᠨ᠎ᠠ᠃ ᠨᠠᠮ ᠤᠨ ᠲᠥᠪ ᠬᠤᠷᠢᠶ᠎ᠠ ᠠᠴᠠ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ ᠭᠡᠵᠦ ᠢᠯᠡᠳᠬᠡᠪᠡ᠃      ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠷᠬᠡᠪᠰᠢ ᠠᠵᠢᠯᠴᠢᠨ ᠤ ᠡᠪᠯᠡᠯ ᠤᠨ ᠠᠵᠢᠯ ᠤᠨ ᠪᠦᠭᠦ ᠶᠠᠪᠤᠴᠠ ᠪᠣᠯᠣᠨ ᠡᠯ᠎ᠡ ᠲᠠᠯ᠎ᠠ ᠳᠤ ᠪᠦᠭᠦ ᠲᠠᠯ᠎ᠠ ᠪᠠᠷ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠨᠤᠯ ᠤᠨ ᠵᠡᠪᠰᠡᠭᠯᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠨ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠠᠵᠢᠯᠴᠢᠨ ᠤ ᠡᠪᠯᠡᠯ ᠤᠨ ᠠᠵᠢᠯ ᠪᠣᠯᠣᠨ ᠨᠠᠮ ᠤᠨ ᠭᠤᠣᠯ ᠡᠭᠦᠷᠭᠡ ᠶᠢᠨ ᠤᠶᠠᠯᠳᠤᠯ ᠤᠨ ᠴᠡᠭ᠂ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠵᠢᠯᠴᠢᠨ ᠤ ᠡᠪᠯᠡᠯ ᠤᠨ ᠰᠢᠰᠲ᠋ᠧᠮ ᠳᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠠᠶᠢᠲᠤᠷ ᠬᠢᠵᠦ᠂ ᠥᠷᠭᠡᠨ ᠣᠯᠠᠨ ᠠᠵᠢᠯᠲᠠᠨ ᠠᠵᠢᠯᠴᠢᠨ ᠢ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠠᠷ ᠬᠥᠮᠥᠵᠢᠭᠦᠯᠦᠨ ᠵᠢᠯᠤᠭᠤᠳᠴᠤ᠂ ᠠᠵᠢᠯᠴᠢᠨ ᠠᠩᠭᠢ ᠶᠢᠨ ᠢᠮᠠᠭᠲᠠ ᠮᠠᠨ ᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠥᠷᠭᠡᠨ ᠤᠯᠠᠨ ᠠᠵᠢᠯᠲᠠᠨ ᠠᠵᠢᠯᠴᠢᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠵᠦ᠂ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠡᠯ᠎ᠡ ᠵᠦᠢᠯ ᠤᠨ ᠭᠡᠯᠪᠡᠷᠢ ᠶᠢᠨ ᠭᠦᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠢ ᠥᠷᠭᠡᠨ ᠢᠶᠠᠷ ᠭᠦᠨᠵᠡᠭᠡᠢ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠭᠦᠳᠡᠯᠮᠦᠷᠢ ᠶᠢᠨ ᠬᠠᠯᠠᠭᠤᠨ ᠰᠡᠳᠬᠢᠯᠭᠡ᠂ ᠡᠭᠦᠳᠦᠨ ᠪᠦᠲᠦᠭᠡᠬᠦ ᠳᠠᠯᠳᠠ ᠴᠢᠳᠠᠪᠤᠷᠢ ᠶᠢ ᠬᠥᠭᠵᠢᠭᠡᠵᠦ᠂ ᠡᠯ᠎ᠡ ᠠᠵᠢᠯ ᠲᠥᠷᠥᠯ ᠡᠯ᠎ᠡ ᠬᠦᠷᠢᠶᠡᠨ ᠳᠤ ᠭᠤᠣᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠰᠢᠷᠭᠠᠭᠤ ᠭᠦᠳᠡᠯᠮᠦᠷᠢ᠂ ᠦᠨᠡᠨᠴᠢ ᠭᠦᠳᠡᠯᠮᠦᠷᠢ᠂ ᠪᠦᠲᠦᠭᠡᠯᠴᠢ ᠭᠦᠳᠡᠯᠮᠦᠷᠢ ᠶᠢᠨ ᠳᠤᠮᠳᠠ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠬᠥᠭᠵᠢᠯᠲᠡ ᠪᠠᠷ ᠬᠥᠳᠡᠯᠭᠡᠭᠦᠷ ᠪᠤᠯᠭᠠᠬᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠡᠳᠡᠯᠭᠡ ᠶᠢᠨ ᠭᠡᠯᠪᠡᠷᠢ ᠶᠢᠨ᠂ ᠤᠷ᠎ᠠ ᠴᠢᠳᠠᠪᠤᠷᠢ ᠶᠢᠨ ᠭᠡᠯᠪᠡᠷᠢ ᠶᠢᠨ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠲᠣᠮᠣ ᠡᠩᠨᠡᠭᠡ ᠶᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠨᠡᠩ ᠤᠯᠠᠨ ᠤᠷᠠᠨ ᠳᠠᠷᠬᠠᠨ ᠪᠠ ᠳᠡᠭᠡᠳᠦ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠤᠯᠠᠨ ᠲᠦᠮᠡᠨ ᠪᠣᠯ ᠨᠡᠶᠢᠭᠡᠮ ᠤᠨ ᠡᠳ᠋ ᠪᠠᠶᠠᠯᠢᠭ ᠤᠨ ᠭᠤᠣᠯ ᠡᠭᠦᠳᠦᠨ ᠪᠦᠲᠦᠭᠡᠭᠴᠢ ᠮᠥᠨ᠂ ᠪᠦᠭᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠵᠤ ᠨᠠᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠳᠤ ᠡᠩ ᠲᠡᠷᠢᠭᠦᠨ ᠳᠤ ᠲᠦᠭ ᠲᠦᠮᠡᠨ ᠬᠥᠳᠡᠯᠮᠦᠷᠢᠴᠢᠨ ᠤ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ ᠠᠵᠢᠯᠴᠢᠨ ᠤ ᠡᠪᠯᠡᠯ ᠨᠢ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠪᠣᠯᠤᠭᠰᠠᠨ ᠤ ᠬᠤᠪᠢ ᠳᠤ᠂ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠦᠨᠳᠦᠰᠦᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠠᠵᠢᠯᠲᠠᠨ ᠠᠵᠢᠯᠴᠢᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠢ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠭᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠤᠭᠤᠳᠴᠤ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠶ ᠪᠤᠯᠭᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠢᠭᠡᠨᠲᠡ ᠪᠠᠶᠢᠭ᠎ᠠ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠠᠨ ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯᠲᠠᠨ ᠠᠵᠢᠯᠴᠢᠨ ᠲᠦᠮᠡᠨ ᠳᠤ ᠨᠠᠷᠢᠯᠢᠭ ᠣᠨᠣᠴᠠᠲᠠᠢ᠂ ᠳᠣᠲᠣᠨᠣ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠵᠢᠯᠴᠢᠨ ᠤ ᠡᠪᠯᠡᠯ ᠤᠨ ᠺᠠᠳ᠋ᠷᠴᠤᠳ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠵᠢᠯᠲᠠᠨ ᠠᠵᠢᠯᠴᠢᠨ ᠤ ᠪᠤᠳᠤᠵᠤ ᠰᠠᠨᠠᠭᠰᠠᠨ ᠵᠦᠢᠯ ᠢ ᠴᠠᠭ ᠲᠤᠬᠠᠢ ᠳᠤᠨᠢ ᠣᠶᠢᠯᠠᠭᠠᠵᠤ᠂ ᠠᠵᠢᠯᠲᠠᠨ ᠠᠵᠢᠯᠴᠢᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠵᠤ᠂ ᠦᠨᠡᠨ ᠰᠡᠳᠬᠢᠯ ᠠᠴᠠ ᠪᠠᠨ ᠠᠵᠢᠯᠲᠠᠨ ᠠᠵᠢᠯᠴᠢᠨ ᠤ ᠲᠥᠯᠥᠭᠡ ᠦᠭᠡ ᠬᠡᠯᠡᠵᠦ ᠠᠵᠢᠯ ᠶᠠᠪᠤᠳᠠᠯ ᠬᠢᠬᠦ ᠬᠡᠷᠡᠭᠲᠡᠢ᠃ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ  ᠬᠢᠨ ᠲᠦᠷᠦᠭᠦᠯᠡᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠯᠢᠭᠡᠷ ᠳᠠᠭᠤᠷᠢᠶᠠᠯ ᠪᠣᠯᠵᠤ᠂ ᠵᠢᠱᠢᠶ᠎ᠡ ᠦᠵᠡᠭᠦᠯᠵᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠵᠢᠱᠢᠶᠡᠴᠢ ᠤᠯᠤᠰ ᠲᠦᠷᠦ ᠶᠢᠨ ᠪᠠᠶᠢᠭᠤᠯᠭ᠎ᠠ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠠᠵᠢᠯᠴᠢᠨ ᠤ ᠡᠪᠯᠡᠯ ᠪᠣᠯᠣᠨ ᠠᠵᠢᠯᠴᠢᠨ ᠤ ᠡᠪᠯᠡᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠤᠳᠤᠷᠢᠳᠬᠤ ᠪᠠᠭ ᠢ ᠰᠠᠶᠢᠲᠤᠷ ᠰᠣᠩᠭᠤᠨ ᠲᠣᠬᠢᠷᠠᠭᠤᠯᠵᠤ᠂ ᠠᠵᠢᠯᠴᠢᠨ ᠤ ᠡᠪᠯᠡᠯ ᠤᠨ ᠺᠠᠳ᠋ᠷ ᠢ ᠬᠠᠯᠠᠭᠤᠨ ᠢᠶᠠᠷ ᠬᠠᠯᠠᠮᠵᠢᠯᠠᠨ ᠴᠢᠩᠭ᠎ᠠ ᠱᠠᠭᠠᠷᠳᠠᠵᠤ᠂ ᠠᠵᠢᠯᠴᠢᠨ ᠤ ᠡᠪᠯᠡᠯ ᠤᠨ ᠺᠠᠳ᠋ᠷ ᠢ ᠬᠥᠮᠥᠵᠢᠭᠦᠯᠦᠨ ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠢ᠃ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠵᠢᠯᠲᠠᠨ ᠠᠵᠢᠯᠴᠢᠨ ᠤᠯᠠᠨ ᠲᠦᠮᠡᠨ ᠪᠠ ᠠᠵᠢᠯᠴᠢᠨ ᠤ ᠡᠪᠯᠡᠯ ᠤᠨ ᠠᠵᠢᠯ ᠳᠤ ᠲᠤᠯᠭᠠᠷᠠᠭᠰᠠᠨ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ ᠠᠵᠢᠯᠴᠢᠨ ᠤ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨ ᠵᠠᠰᠠᠭ ᠤᠨ ᠣᠷᠳᠣᠨ ᠪᠣᠯᠣᠨ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯᠴᠢᠨ ᠤ ᠡᠪᠯᠡᠯ ᠢ ᠢᠳᠡᠪᠬᠢᠲᠡᠢ ᠪᠠᠷ ᠬᠠᠪᠰᠤᠷᠤᠨ ᠠᠵᠢᠯᠲᠠᠨ ᠠᠵᠢᠯᠴᠢᠨ ᠤᠯᠠᠨ ᠲᠦᠮᠡᠨ ᠤ ᠪᠣᠳᠠᠲᠠᠢ ᠬᠦᠴᠢᠷᠳᠡᠯ ᠪᠣᠯᠣᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠲᠥᠯᠥᠭᠡᠯᠡᠵᠦ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠪᠠ ᠢᠷᠡᠭᠡᠳᠦᠢ ᠶᠢᠨ 5 ᠵᠢᠯ ᠤᠨ ᠠᠵᠢᠯᠴᠢᠨ ᠤ ᠡᠪᠯᠡᠯ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠰᠢᠦᠢ ᠯᠢᠦ ᠫᠢᠩ᠂ ᠶᠠᠩ ᠢᠦᠢ ᠳ᠋ᠦᠩ᠂ ᠭᠤᠤ ᠹᠧᠩ ᠯᠢᠨ ᠦᠭᠡ ᠬᠡᠯᠡᠪᠡ᠃      ᠱᠢ ᠲᠠᠢ ᠹᠧᠩ᠂ ᠯᠢ ᠭᠠᠨ ᠵᠢᠶᠧ᠂ ᠯᠢ ᠱᠤ᠋ ᠯᠧᠢ᠂ ᠴᠧᠨ ᠸᠧᠨ ᠴᠢᠩ᠂ ᠯᠢᠦ ᠶᠢᠨ ᠭᠦᠸᠧ᠂ ᠸᠠᠩ ᠰᠢᠶᠣᠣ ᠬᠤᠩ ᠶᠠᠷᠢᠯᠴᠠᠭ᠎ᠠ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号