ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ 10 ᠰᠠᠷ᠎ᠠ | ᠶᠢᠨ 25 ᠤ ᠡᠳᠦᠷ ᠲᠤ ᠬᠢᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ | ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠨᠡᠮᠡᠭᠳᠡᠯ ᠤᠨ | ᠬᠡᠮᠵᠢᠶ᠎ᠡ 3587.5 ᠳ᠋ᠦᠡᠭᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 1849.1 ᠳ᠋ᠦᠡᠭᠰᠢᠭᠤᠷ ᠲᠥᠭᠦᠷᠢᠭ ᠢᠯᠡᠭᠦᠦ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠳᠤᠨᠤᠨ ᠤ ᠪᠦᠭᠦ ᠵᠢᠯ | ᠤᠨ ᠨᠡᠮᠡᠭᠳᠡᠯ ᠤᠨ ᠬᠡᠮᠵᠢᠶ᠎ᠡ ᠶᠢᠨ 1.9 ᠲᠠᠭᠢᠨ ᠲᠠᠢ ᠲᠡᠩᠴᠡᠪᠡ᠃ | ᠵᠢᠯ ᠤᠨ ᠡᠬᠢᠨ ᠠᠴᠠ ᠨᠠᠭᠠᠰᠢ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ | ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠭᠦᠢᠴᠡᠳ ᠠᠰᠢᠭᠯᠠᠨ ᠪᠣᠳᠠᠲᠤ ᠴᠣᠭᠴᠠ ᠶᠢᠨ ᠠᠵᠤ ᠠᠬᠤᠢ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠲᠣᠬᠢᠷᠠᠮᠵᠢᠲᠠᠢ ᠵᠣᠭᠤᠰᠤᠨ ᠤ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ | ᠪᠦᠷᠢᠯᠳᠦᠭᠦᠯᠦᠨ ᠥᠭᠴᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ | ᠲᠦᠷᠤᠭᠦᠦ ᠭᠤᠷᠪᠠᠨ ᠤᠯᠠᠷᠢᠯ ᠳᠤ ᠪᠦᠭᠦ ᠣᠷᠣᠨ ᠤ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠮᠵᠢᠶ᠎ᠡ ᠲᠠᠭᠢᠨ | ᠢᠶᠠᠷ ᠨᠡᠮᠡᠭᠳᠡᠨ᠂ ᠢᠲᠡᠭᠡᠮᠵᠢᠲᠦ ᠵᠢᠭᠡᠯᠡᠯᠭᠡ ᠶᠢᠨ ᠨᠡᠮᠡᠭᠳᠡᠯ ᠵᠢᠷᠭᠤᠭᠠᠨ ᠤᠯᠠᠷᠢᠯ ᠳᠠᠷᠠᠭᠠᠯᠠᠨ ᠲᠦᠷᠭᠡᠳᠴᠦ᠂ ᠵᠢᠭᠡᠯᠡᠯᠭᠡ | ᠶᠢᠨ ᠬᠦᠦ ᠮᠥᠩᠭᠦ ᠶᠢᠨ ᠨᠤᠷᠮ᠎ᠡ ᠦᠷᠭᠦᠯᠵᠢᠯᠡᠨ ᠳᠣᠣᠷ᠎ᠠ ᠲᠦᠪᠰᠢᠨ ᠢ ᠪᠠᠲᠤᠯᠠᠵᠤ᠂ ᠡᠯ᠎ᠡ ᠵᠦᠢᠯ ᠤᠨ ᠠᠵᠢᠯ | ᠢᠳᠡᠪᠬᠢᠲᠡᠢ ᠦᠷ᠎ᠡ ᠪᠦᠳᠦᠮᠵᠢ ᠣᠯᠣᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ 9 ᠰᠠᠷ᠎ᠠ ᠶᠢᠨ ᠰᠡᠭᠦᠯᠴᠢ ᠪᠤᠯᠳᠡᠯ᠎ᠠ ᠪᠦᠭᠦ ᠣᠷᠣᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 29631.9 ᠳ᠋ᠦᠡᠭᠰᠢᠭᠤᠷ ᠲᠥᠭᠦᠷᠢᠭ | ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ | ᠨᠢ ᠨᠢᠳᠤᠨᠤᠨ ᠤ ᠠᠳᠠᠯᠢ ᠬᠤᠭᠤᠴᠠᠭ᠎ᠠ ᠪᠣᠯᠣᠨ ᠡᠨᠡ ᠵᠢᠯ ᠤᠨ ᠬᠤᠶᠠᠳᠤᠭᠠᠷ ᠤᠯᠠᠷᠢᠯ ᠤᠨ ᠡᠴᠦᠰ ᠤᠨ ᠬᠢ ᠠᠴᠠ | ᠲᠤᠰ ᠪᠦᠷᠢ ᠵᠠᠭᠤᠨ ᠤ ᠬᠠᠷᠢᠴᠠᠯ ᠢᠶᠠᠷ 3.6 ᠪᠠ 0.4 ᠬᠤᠪᠢ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ | ᠤᠯᠤᠰ ᠤᠨ ᠠᠷᠪᠠᠨ ᠬᠤᠶᠠᠳᠤᠭᠠᠷ ᠲᠤ ᠵᠢᠭᠰᠠᠪᠠ᠃ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ ᠵᠢᠯ ᠤᠨ ᠡᠬᠢᠨ ᠤ ᠬᠢ | ᠠᠴᠠ ᠰᠢᠨ᠎ᠡ ᠪᠠᠷ 2666.6 ᠳ᠋ᠦᠡᠭᠰᠢᠭᠤᠷ ᠲᠥᠭᠦᠷᠢᠭ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ | ᠠᠴᠠ 932.5 ᠳ᠋ᠦᠡᠭᠰᠢᠭᠤᠷ ᠲᠥᠭᠦᠷᠢᠭ ᠨᠡᠮᠡᠭᠳᠡᠪᠡ᠃ ᠪᠦᠭᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ | ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 35702.6 ᠳ᠋ᠦᠡᠭᠰᠢᠭᠤᠷ ᠲᠥᠭᠦᠷᠢᠭ ᠪᠠᠶᠢᠵᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠪᠡ᠃ | ᠮᠠᠨ ᠤ ᠣᠷᠣᠨ ᠪᠠᠰᠠ ᠭᠤᠣᠯᠳᠠᠯᠭ᠎ᠠ ᠲᠠᠢ ᠠᠵᠤ ᠠᠬᠤᠶᠢᠯᠠᠯ ᠳᠤ ᠵᠢᠭᠡᠯᠡᠯᠭᠡ ᠲᠠᠯᠪᠢᠬᠤ ᠡᠷᠴᠢᠮ ᠢ | ᠴᠢᠩᠭᠠᠷᠠᠭᠤᠯᠵᠤ᠂ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠦᠢᠯᠡᠳᠬᠦ ᠦᠢᠯᠡᠰ ᠪᠣᠯᠣᠨ ᠰᠠᠭᠤᠷᠢ | ᠲᠥᠬᠦᠭᠡᠷᠦᠮᠵᠢ ᠶᠢᠨ ᠵᠢᠭᠡᠯᠡᠯᠭᠡ ᠲᠤᠰ ᠲᠤᠰ 585.1 ᠳ᠋ᠦᠡᠭᠰᠢᠭᠤᠷ ᠲᠥᠭᠦᠷᠢᠭ ᠪᠠ 715.4 ᠳ᠋ᠦᠡᠭᠰᠢᠭᠤᠷ | ᠲᠥᠭᠦᠷᠢᠭ ᠰᠢᠨ᠎ᠡ ᠪᠠᠷ ᠨᠡᠮᠡᠭᠳᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠪᠦᠳᠦᠮᠵᠢᠳᠡᠢ ᠳᠡᠮᠵᠢᠯᠭᠡ ᠦᠵᠡᠭᠦᠯᠦᠭᠰᠡᠨ ᠪᠠᠶᠢᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠡᠭᠡᠭᠰᠢᠯᠡᠭᠦᠯᠵᠤ᠂ ᠪᠦᠭᠦ ᠣᠷᠣᠨ ᠤ ᠠᠷᠠᠳ ᠤᠨ ᠪᠠᠩᠬᠢ ᠠᠴᠠ 16 | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠦᠢᠯᠡᠳᠬᠦᠨ ᠤ 1044 ᠠᠵᠤ | ᠠᠬᠤᠶᠢᠯᠠᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠪᠡᠯᠡ ᠬᠤᠷᠠᠮᠳᠤᠭᠤᠯᠬᠤ ᠵᠤᠯᠭᠠᠯᠴᠠᠭ᠎ᠠ ᠶᠢ | ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠵᠢᠭᠡᠯᠡᠯᠭᠡ ᠶᠢᠨ ᠦᠯᠡᠳᠡᠪᠦᠷᠢ 3074.7 ᠳ᠋ᠦᠡᠭᠰᠢᠭᠤᠷ ᠲᠥᠭᠦᠷᠢᠭ | ᠲᠤ ᠬᠦᠷᠴᠦ᠂ 6 ᠰᠠᠷ᠎ᠠ ᠶᠢᠨ ᠰᠡᠭᠦᠯᠴᠢ ᠶᠢᠨ ᠬᠢ ᠠᠴᠠ 164.7 ᠳ᠋ᠦᠡᠭᠰᠢᠭᠤᠷ ᠲᠥᠭᠦᠷᠢᠭ ᠨᠡᠮᠡᠭᠳᠡᠪᠡ᠃ 9 ᠰᠠᠷ᠎ᠠ | ᠶᠢᠨ ᠰᠡᠭᠦᠯᠴᠢ ᠪᠤᠯᠳᠡᠯ᠎ᠡ ᠪᠦᠭᠦ ᠣᠷᠣᠨ ᠤ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ᠂ ᠠᠷᠠᠳ ᠤᠨ ᠡᠵᠡᠩᠨᠡᠯᠲᠡ | ᠶᠢᠨ ᠠᠵᠤ ᠠᠬᠤᠶᠢᠯᠠᠯ ᠤᠨ ᠵᠢᠭᠡᠯᠡᠯᠭᠡ᠂ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠪᠠ ᠲᠦᠭᠡᠮᠡᠯ | ᠭᠦᠷᠳᠡᠭᠡᠮᠵᠢᠳᠤ ᠵᠢᠭᠡᠯᠡᠯᠭᠡ ᠲᠤᠰ ᠲᠤᠰ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 16.5%᠂ 13.9%᠂ | 13.7% ᠪᠠ 16.7% ᠪᠠᠷ ᠨᠡᠮᠡᠭᠳᠡᠪᠡ᠃ | | |