︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ·ᠤᠳᠬ᠎ᠠ ᠵᠣᠬᠢᠶᠠᠯ ᠤᠷᠠᠯᠢᠭ ᠤᠨ ᠣᠶᠢᠯᠠᠯᠭ᠎ᠠ︾ ᠶᠢ ᠠᠩᠬ᠎ᠠ ᠲᠠᠷᠬᠠᠭᠠᠪᠠ
ᠨᠡᠶᠢᠲᠡᠯᠡᠭᠰᠡᠨ ᠴᠠᠭ᠄
2023/10/26
     10 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ·ᠤᠳᠬ᠎ᠠ ᠵᠣᠬᠢᠶᠠᠯ ᠤᠷᠠᠯᠢᠭ ᠤᠨ ᠣᠶᠢᠯᠠᠯᠭ᠎ᠠ︾ ︵︽ᠤᠳᠬ᠎ᠠ ᠵᠣᠬᠢᠶᠠᠯ ᠤᠷᠠᠯᠢᠭ ᠤᠨ ᠣᠶᠢᠯᠠᠯᠭ᠎ᠠ︾ ᠭᠡᠵᠦ ᠲᠣᠪᠴᠢᠯᠠᠨ᠎ᠠ︶ ᠨᠣᠮ ᠤᠨ ᠠᠩᠬ᠎ᠠ ᠲᠠᠷᠬᠠᠭᠠᠬᠤ ᠶᠣᠰᠣᠯᠠᠯ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠶᠠᠪᠤᠭᠳᠠᠪᠠ᠃      ᠲᠠᠨᠢᠯᠴᠠᠭᠤᠯᠤᠭᠰᠠᠨ ᠢᠶᠠᠷ᠂︽ᠤᠳᠬ᠎ᠠ ᠵᠣᠬᠢᠶᠠᠯ ᠤᠷᠠᠯᠢᠭ ᠤᠨ ᠣᠶᠢᠯᠠᠯᠭ᠎ᠠ︾ ᠪᠣᠯ ᠮᠠᠨ ᠤ ᠣᠷᠣᠨ ᠤ ᠨᠠᠶᠢᠷᠠᠭᠤᠯᠤᠨ ᠬᠡᠪᠯᠡᠭᠦᠯᠦᠭᠰᠡᠨ ᠠᠩᠬᠠᠨ ᠤ ᠤᠳᠬ᠎ᠠ ᠵᠣᠬᠢᠶᠠᠯ ᠤᠷᠠᠯᠢᠭ ᠤᠨ ᠲᠠᠯ᠎ᠠ ᠶᠢᠨ ᠨᠡᠪᠲᠡᠷᠬᠡᠢ ᠣᠶᠢᠯᠠᠯᠭ᠎ᠠ ᠪᠣᠯᠣᠨ᠎ᠠ᠂ ᠭᠤᠣᠯ ᠵᠣᠬᠢᠶᠠᠯ ᠢ 14 ᠠᠩᠭᠢ 39 ᠪᠦᠯᠦᠭ 122 ᠬᠡᠰᠡᠭ ᠲᠤ ᠬᠤᠪᠢᠶᠠᠵᠤ᠂ ᠪᠦᠭᠦ ᠨᠣᠮ 160 ᠭᠠᠷᠤᠢ ᠲᠦᠮᠡᠨ ᠥᠰᠥᠭ ᠲᠠᠢ᠃ 1954 ᠣᠨ ᠠᠴᠠ 2020 ᠣᠨ ᠪᠤᠯᠲᠠᠯᠠᠭᠢ ᠮᠠᠨ ᠤ ᠣᠷᠣᠨ ᠤ ᠤᠳᠬ᠎ᠠ ᠵᠣᠬᠢᠶᠠᠯ᠂ ᠤᠳᠬ᠎ᠠ ᠵᠣᠬᠢᠶᠠᠯ ᠤᠨ ᠣᠷᠴᠢᠭᠤᠯᠭ᠎ᠠ᠂ ᠤᠳᠬ᠎ᠠ ᠤᠷᠠᠯᠢᠭ ᠤᠨ ᠣᠨᠣᠯ ᠬᠢᠭᠡᠳ ᠰᠢᠭᠦᠮᠵᠢ᠂ ᠳᠠᠭᠤᠤ ᠬᠥᠭᠵᠢᠮ᠂ ᠪᠥᠵᠢᠭ᠂ ᠰᠢ ᠵᠦᠴᠦᠭᠡ᠂ ᠺᠢᠨᠣ᠋᠂ ᠲᠧᠯᠸᠢᠰ᠂ ᠤᠷᠠᠨ ᠵᠢᠷᠤᠭ᠂ ᠤᠷᠠᠨ ᠪᠢᠴᠢᠯᠭᠡ ᠭᠤᠷ ᠰᠡᠶᠢᠯᠦᠮᠡᠯ᠂ ᠭᠡᠷᠡᠯ ᠵᠢᠷᠤᠭ᠂ ᠳᠠᠭᠤᠷᠢᠯᠢᠭ ᠼᠢᠷᠺ᠂ ᠠᠷᠠᠳ ᠤᠨ ᠤᠳᠬ᠎ᠠ ᠤᠷᠠᠯᠢᠭ᠂ ᠤᠳᠬ᠎ᠠ ᠵᠣᠬᠢᠶᠠᠯ ᠤᠷᠠᠯᠢᠭ ᠤᠨ ᠪᠦᠯᠭᠦᠮ ᠵᠡᠷᠭᠡ ᠬᠦᠷᠢᠶᠡᠨ ᠤ ᠬᠥᠭᠵᠢᠯᠲᠡ ᠶᠢᠨ ᠲᠣᠶᠢᠮᠣ ᠪᠠᠶᠢᠳᠠᠯ ᠢ ᠲᠥᠪᠯᠡᠷᠡᠭᠦᠯᠦᠨ ᠲᠤᠰᠬᠠᠪᠠ᠃ ᠮᠠᠨ ᠤ ᠣᠷᠣᠨ ᠤ ᠤᠳᠬ᠎ᠠ ᠵᠣᠬᠢᠶᠠᠯ ᠤᠷᠠᠯᠢᠭ ᠤᠨ ᠬᠦᠷᠢᠶᠡᠨ ᠤ 67 ᠵᠢᠯ ᠤᠨ ᠲᠤᠷᠰᠢᠬᠢ ᠬᠥᠭᠵᠢᠯᠲᠡ ᠶᠢᠨ ᠤᠯᠠ ᠮᠥᠷ ᠢ ᠪᠦᠭᠦ ᠲᠠᠯ᠎ᠠ ᠪᠠᠷ ᠡᠮᠬᠢᠯᠡᠵᠦ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠦᠢᠯᠡᠰ ᠤᠨ ᠥᠩᠭᠡ ᠪᠦᠷᠢ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠥᠭᠵᠢᠯ ᠪᠠᠳᠠᠷᠠᠯ ᠤᠨ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠪᠡ᠃      ᠠᠩᠬ᠎ᠠ ᠲᠠᠷᠬᠠᠭᠠᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ᠄︽︿ᠤᠳᠬ᠎ᠠ ᠵᠣᠬᠢᠶᠠᠯ ᠤᠷᠠᠯᠢᠭ ᠤᠨ ᠣᠶᠢᠯᠠᠯᠭ᠎ᠠ﹀ ᠶᠢ ᠬᠡᠪᠯᠡᠭᠦᠯᠦᠨ ᠲᠠᠷᠬᠠᠭᠠᠬᠤ ᠪᠣᠯ ᠥᠪᠥᠷ ᠮᠣᠩᠭᠤᠯ ᠤᠨ ᠤᠳᠬ᠎ᠠ ᠤᠷᠠᠯᠢᠭ ᠤᠨ ᠡᠲᠡᠭᠡᠳ ᠤᠨ ᠨᠢᠭᠡᠨ ᠲᠣᠮᠣ ᠶᠠᠪᠤᠳᠠᠯ ᠪᠣᠯᠣᠨ᠎ᠠ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠤᠳᠤ ᠦᠶ᠎ᠡ ᠳᠤ ᠦᠢᠯᠡᠴᠢᠯᠡᠬᠦ᠂ ᠬᠤᠵᠢᠮ ᠤᠨ ᠬᠥᠮᠥᠰ ᠲᠤ ᠠᠰᠢᠭ ᠬᠦᠷᠲᠡᠭᠡᠬᠦ ᠴᠢᠬᠤᠯᠠ ᠰᠣᠶᠣᠯ ᠤᠨ ᠦᠷ᠎ᠡ ᠪᠦᠲᠦᠭᠡᠯ ᠪᠣᠯᠣᠨ᠎ᠠ᠃ ᠪᠢᠳᠡ ᠡᠨᠡ ᠨᠣᠮ ᠢ ᠰᠠᠶᠢᠲᠤᠷ ᠬᠡᠷᠡᠭᠯᠡᠵᠦ᠂ ᠲᠡᠭᠦᠨ ᠳᠤ ᠠᠭᠤᠯᠤᠭᠳᠠᠵᠤ ᠪᠠᠶᠢᠭ᠎ᠠ ᠰᠣᠶᠣᠯ ᠤᠨ ᠦᠨ᠎ᠡ ᠦᠷᠳᠡᠭ ᠢ ᠭᠦᠢᠴᠡᠳ ᠪᠠᠳᠠᠷᠠᠭᠤᠯᠵᠤ᠂ ᠨᠡᠩ ᠤᠯᠠᠨ ᠬᠥᠮᠥᠰ ᠲᠤ ᠡᠨᠡ ᠨᠣᠮ ᠢᠶᠠᠷ ᠳᠠᠮᠵᠢᠭᠤᠯᠤᠨ ᠥᠪᠥᠷ ᠮᠣᠩᠭᠤᠯ ᠤᠨ ᠤᠳᠬ᠎ᠠ ᠵᠣᠬᠢᠶᠠᠯ ᠤᠷᠠᠯᠢᠭ ᠤᠨ ᠲᠡᠦᠬᠡ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠵᠢᠴᠢ ᠭᠦᠨ ᠵᠤᠵᠠᠭᠠᠨ ᠲᠡᠦᠬᠡ ᠰᠣᠶᠣᠯ ᠤᠨ ᠡᠬᠢ ᠪᠠᠶᠠᠯᠢᠭ ᠢ ᠣᠶᠢᠯᠠᠭᠠᠭᠤᠯᠵᠤ᠂ ︿ᠤᠮᠠᠷᠠᠲᠤ ᠶᠢᠨ ᠰᠣᠶᠣᠯ﹀ ᠤᠨ ᠲᠦᠷᠦᠯ ᠲᠡᠮᠳᠡᠭ ᠢ ᠪᠦᠭᠦ ᠬᠦᠴᠦᠨ ᠢᠶᠠᠷ ᠢᠶᠠᠨ ᠡᠭᠦᠳᠬᠦ ᠪᠣᠯᠭᠠᠨ᠎ᠠ︾ ᠭᠡᠵᠦ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号