ᠳᠤᠯᠠᠭᠠᠬᠠᠨ ᠨᠠᠮᠤᠷ ᠦᠷᠬᠦᠯᠵᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/10/26
     ᠬᠦᠢᠲᠡᠨ ᠠᠭᠠᠷ ᠤᠨ ᠨᠥᠯᠥᠭᠡ ᠪᠠᠷ᠂ ᠥᠨᠥᠳᠥᠷ ︵10 ᠰᠠᠷ᠎ᠠ ᠶᠢᠨ 26 ᠤ ᠡᠳᠦᠷ︶ ᠥᠪᠥᠷ ᠮᠣᠩᠭᠤᠯ ᠤᠨ ᠶᠡᠬᠡᠩᠬᠢ ᠭᠠᠵᠠᠷ ᠣᠷᠣᠨ ᠳᠤ ᠳᠤᠯᠠᠭᠠᠨ ᠤ ᠬᠡᠮᠵᠢᠶ᠎ᠡ ᠪᠠᠭᠤᠷᠠᠵᠤ᠂ ᠵᠡᠭᠦᠨ ᠪᠡᠶ᠎ᠡ ᠶᠢᠨ ᠬᠡᠰᠡᠭ ᠨᠤᠲᠤᠭ  ᠲᠤ ᠠᠭᠠᠷ  ᠤᠨ ᠳᠤᠯᠠᠭᠠᠨ 10 ᠭᠷᠠᠳᠦ᠋ᠰ ᠣᠷᠴᠢᠮ ᠪᠠᠭᠤᠷᠠᠯ᠎ᠠ᠃ ᠭᠡᠬᠦ ᠳᠡᠭᠡᠨ᠂ ᠲᠣᠰ ᠤᠳᠠᠭᠠᠨ ᠤ ᠬᠦᠢᠲᠡᠨ ᠠᠭᠠᠷ ᠤᠨ ᠨᠥᠯᠥᠭᠡ ᠳᠦᠷ ᠴᠠᠭ ᠤᠨ ᠪᠠᠶᠢᠵᠤ᠂ ᠮᠠᠷᠭᠠᠰᠢ ᠪᠥᠬᠦ ᠣᠷᠣᠨ ᠳᠤ ᠳᠠᠬᠢᠨ ᠳᠣᠯᠠᠭᠠᠷᠠᠬᠤ ᠪᠤᠯᠤᠨ᠎ᠠ᠃ ᠵᠢᠱᠢᠯᠲᠡ ᠪᠠᠷ᠂ ᠢᠷᠡᠬᠦ ᠭᠤᠷᠪᠠᠨ ᠬᠤᠨᠤᠭ ᠲᠤ᠂ ᠪᠥᠬᠦ ᠣᠷᠣᠨ ᠳᠤ ᠪᠤᠷᠤᠭ᠎ᠠ ᠪᠠᠭ᠎ᠠ᠂ ᠬᠠᠭᠤᠷᠠᠢ᠂ ᠴᠡᠯᠮᠡᠭ ᠠᠭᠤᠷ ᠠᠮᠢᠰᠬᠤᠯ ᠦᠷᠬᠦᠯᠵᠢᠯᠡᠵᠦ᠂ ᠦᠨᠡᠭᠡᠷ ᠤᠷᠳᠦ ᠨᠠᠮᠤᠷ ᠪᠤᠯᠵᠦ ᠪᠠᠶᠢᠨ᠎ᠠ᠃        ᠢᠷᠡᠬᠦ ᠭᠤᠷᠪᠠᠨ ᠬᠤᠨᠤᠭ ᠲᠤ᠂ ᠥᠪᠥᠷ ᠮᠣᠩᠭᠤᠯ ᠤᠨ ᠶᠡᠬᠡᠩᠬᠢ ᠭᠠᠵᠠᠷ ᠣᠷᠣᠨ ᠤ ᠠᠭᠤᠷ ᠠᠮᠢᠰᠬᠤᠯ ᠲᠤᠩᠭᠠᠯᠠᠭ ᠰᠠᠶᠢᠬᠠᠨ ᠪᠠᠶᠢᠬᠤ ᠪᠤᠯᠬᠤᠷ ᠣᠯᠠᠨ ᠢᠶᠠᠷ ᠢᠶᠠᠨ ᠢᠯᠡᠬᠦᠬᠡᠨ ᠭᠠᠳᠠᠭᠤᠷ ᠨᠠᠷᠠᠨ ᠳᠤ ᠭᠠᠷᠴᠦ᠂ ᠰᠠᠯᠬᠢ ᠦᠵᠡᠨ᠂ ᠨᠠᠮᠤᠷ ᠤᠨ ᠰᠡᠬᠦᠯᠴᠢ ᠶᠢᠨ ᠴᠠᠭ ᠠᠭᠠᠷ ᠢ ᠵᠠᠪᠳᠣᠵᠦ ᠠᠰᠢᠬᠯᠠᠬᠤ ᠶᠢ ᠴᠠᠭ ᠠᠭᠤᠷ ᠤᠨ ᠰᠠᠯᠠᠭ᠎ᠠ ᠮᠥᠴᠢᠷ ᠰᠠᠨᠠᠭᠤᠯᠤᠭᠰᠠᠨ ᠪᠠᠶᠢᠨ᠎ᠠ᠃ ᠭᠡᠪᠡᠴᠦ ᠠᠭᠤᠷ ᠠᠮᠢᠰᠬᠤᠯ ᠭᠠᠩ ᠬᠠᠭᠤᠷᠠᠢ ᠪᠣᠯᠬᠤᠷ ᠤᠰᠤ ᠨᠥᠬᠦᠪᠦᠷᠢᠯᠡᠵᠦ᠂ ᠭᠠᠯ ᠴᠠᠬᠢᠯᠭᠠᠨ ᠤ ᠠᠶᠦᠯᠬᠦᠢ ᠪᠠᠶᠢᠬᠤ ᠶᠢ ᠠᠩᠬᠠᠷᠤᠭᠠᠷᠠᠢ᠃ ᠪᠠᠰᠠ ᠥᠷᠯᠥᠭᠡ ᠦᠳᠡᠰᠢ ᠶᠢᠨ ᠳᠤᠯᠠᠭᠠᠨ ᠤ ᠵᠦᠷᠢᠶ᠎ᠡ ᠶᠡᠭᠡ ᠪᠤᠯᠬᠤᠷ ᠬᠤᠪᠴᠠᠰᠤ ᠬᠤᠨᠠᠷ ᠢᠶᠠᠨ ᠳᠤᠬᠢᠷᠠᠭᠤᠯᠵᠤ᠂ ᠬᠠᠨᠢᠶᠠᠳᠦ ᠬᠢᠮᠤᠷᠠᠭ᠎ᠠ ᠠᠴᠠ ᠬᠢᠴᠢᠶᠡᠬᠦ ᠭᠡᠷᠡᠭᠳᠡᠢ ᠰᠢᠤ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号