ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠬᠤᠷᠠᠯ ᠠᠴᠠ 10 ᠰᠠᠷ᠎ᠠ ᠶᠢᠨ 24 ᠤ ᠡᠳᠦᠷ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ︾ ᠶᠢ | ᠬᠢᠨᠠᠨ ᠪᠠᠲᠤᠯᠠᠵᠤ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ ᠭᠡᠵᠡᠢ᠃ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠬᠤ᠂ ᠤᠯᠤᠰ ᠢᠶᠠᠨ ᠬᠠᠶᠢᠷᠠᠯᠠᠬᠤ ᠦᠵᠡᠯ ᠤᠨ | ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠪᠠᠷ ᠵᠣᠷᠢᠯᠭ᠎ᠠ ᠪᠤᠯᠭᠠᠬᠰᠠᠨ ᠡᠨᠡ ᠬᠦ ᠬᠠᠤᠯᠢ ᠨᠢ ᠶᠡᠷᠦᠩᠬᠡᠢ | ᠳᠦᠷᠢᠮ᠂ ᠲᠤᠰᠢᠶᠠᠯ ᠬᠠᠷᠢᠭᠤᠴᠠᠯᠭ᠎ᠠ ᠡᠭᠦᠷᠭᠡ᠂ ᠬᠡᠷᠡᠭᠵᠢᠭᠦᠯᠬᠦ ᠠᠷᠭ᠎ᠠ ᠬᠡᠮᠵᠢᠶ᠎ᠡ᠂ ᠳᠡᠮᠵᠢᠯᠭᠡ ᠪᠠᠲᠤᠯᠠᠭ᠎ᠠ᠂ | ᠳᠠᠭᠠᠯᠳᠤᠭᠤᠯᠤᠭᠰᠠᠨ ᠳᠦᠷᠢᠮ ᠢ ᠪᠠᠭᠲᠠᠭᠠᠭᠰᠠᠨ 5 ᠪᠦᠯᠦᠭ 40 ᠵᠦᠢᠯ ᠲᠠᠢ᠃ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ ᠳᠤ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠭᠤᠣᠯ ᠠᠭᠤᠯᠭ᠎ᠠ ᠶᠢ ᠲᠣᠭᠲᠠᠭᠠᠵᠤ᠂ ᠦᠵᠡᠯ ᠰᠠᠨᠠᠭ᠎ᠠ ᠤᠯᠤᠰ ᠲᠦᠷᠦ᠂ ᠲᠡᠦᠬᠡ ᠰᠣᠶᠣᠯ᠂ | ᠤᠯᠤᠰ ᠤᠨ ᠪᠡᠯᠭᠡ ᠲᠡᠮᠳᠡᠭ᠂ ᠡᠬᠡ ᠤᠯᠤᠰ ᠤᠨ ᠦᠵᠡᠰᠬᠦᠯᠡᠩᠲᠦ ᠰᠠᠶᠢᠬᠠᠨ ᠠᠭᠤᠯᠠ ᠤᠰᠤ ᠪᠣᠯᠣᠨ ᠲᠡᠦᠬᠡ | ᠰᠣᠶᠣᠯ ᠤᠨ ᠥᠪ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ᠂ ᠤᠯᠤᠰ ᠤᠨ ᠨᠢᠭᠡᠳᠦᠯ ᠪᠣᠯᠣᠨ | ᠦᠨᠳᠦᠰᠦᠲᠡᠨ ᠤ ᠪᠦᠯᠬᠦᠮᠳᠡᠯ᠂ ᠤᠯᠤᠰ ᠤᠨ ᠠᠮᠤᠷ ᠲᠦᠪᠰᠢᠨ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ᠂ | ᠦᠷᠡᠭᠳᠡᠭᠰᠡᠨ ᠪᠠᠭᠠᠲᠤᠷ ᠪᠣᠯᠣᠨ ᠵᠢᠱᠢᠶᠡᠴᠢ ᠬᠥᠮᠥᠰ ᠤᠨ ᠦᠢᠯᠡ ᠠᠵᠢᠯᠯᠠᠭ᠎ᠠ ᠵᠡᠷᠭᠡ ᠲᠠᠯ᠎ᠠ ᠶᠢ ᠬᠠᠮᠤᠷᠴᠠᠢ᠃ ᠪᠦᠭᠦ | ᠠᠷᠠᠳ ᠢᠷᠭᠡᠨ ᠳᠤ ᠬᠠᠨᠳᠤᠭᠤᠯᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠥᠷᠨᠢᠭᠦᠯᠬᠦ ᠶᠢᠨ ᠬᠠᠮᠲᠤ | ᠰᠤᠷᠭᠠᠭᠤᠯᠢ ᠪᠠ ᠭᠡᠷ ᠪᠦᠯᠢ ᠶᠢᠨ ᠬᠢᠨ ᠤ ᠵᠠᠯᠠᠭᠤᠴᠤᠳ ᠪᠠᠭᠠᠴᠤᠳ ᠪᠠ ᠬᠡᠦᠬᠡᠳ ᠤᠨ ᠲᠤᠬᠠᠢ ᠬᠥᠮᠦᠵᠢᠯ ᠢ | ᠲᠤᠪᠤᠶᠢᠯᠭᠠᠬᠤ ᠶᠢᠨ ᠬᠠᠮᠲᠤ ᠠᠯᠪᠠᠨ ᠲᠤᠰᠢᠶᠠᠯᠲᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠠᠵᠢᠯᠴᠢᠨ᠂ ᠭᠠᠴᠠᠭ᠎ᠠ ᠲᠤᠰᠬᠤᠨ ᠤ ᠰᠠᠭᠤᠭᠠᠯᠢ ᠠᠷᠠᠳ᠂ ᠰᠢᠶᠠᠩᠭᠠᠩ ᠣᠣᠮᠧᠨ ᠲᠠᠶᠢᠸᠠᠨ ᠤ ᠠᠬ᠎ᠠ | ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠵᠡᠷᠭᠡ ᠠᠳᠠᠯᠢ ᠪᠤᠰᠤ ᠬᠠᠮᠲᠤ ᠨᠡᠶᠢᠲᠡ | ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠲᠤᠬᠠᠢ ᠲᠤᠰ ᠲᠤᠰ ᠬᠠᠷᠠᠭᠠᠯᠵᠠᠭᠰᠠᠨ ᠲᠣᠭᠲᠠᠭᠠᠯ | ᠭᠠᠷᠭᠠᠪᠠ᠃ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ ᠶᠢ ᠲᠣᠭᠲᠠᠭᠠᠵᠤ᠂ ᠬᠠᠤᠯᠢᠵᠢᠯ ᠤᠨ ᠠᠷᠭ᠎ᠠ | ᠭᠡᠯᠪᠡᠷᠢ ᠪᠠᠷ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠠᠬᠢᠭᠤᠯᠤᠨ | ᠪᠠᠲᠤᠯᠠᠬᠤ ᠨᠢ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ᠂ ᠠᠷᠠᠳ ᠲᠦᠮᠡᠨ ᠤ ᠬᠦᠴᠦᠨ ᠢ ᠨᠢᠭᠲᠠᠷᠠᠭᠤᠯᠬᠤ᠂ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ | ᠠᠬᠢᠭᠤᠯᠬᠤ ᠳᠤ ᠲᠤᠶᠢᠯ ᠤᠨ ᠴᠢᠬᠤᠯᠠ ᠪᠥᠭᠡᠳ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ᠃ |