ᠰᠤᠷᠪᠤᠯᠵᠢᠯᠠᠬᠴᠢ ᠤᠯᠤᠰ ᠤᠨ ᠰᠢᠤᠳᠠᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ 23 ᠤ ᠡᠳᠦᠷ ᠤᠨ | ᠦᠳᠡ ᠶᠢᠨ ᠡᠮᠦᠨᠡᠬᠢ 7 ᠴᠠᠭ 39 ᠮᠢᠨᠦ᠋ᠲ ᠲᠤ᠂ 2023 ᠣᠨ ᠤ ᠮᠠᠨ ᠤ ᠤᠯᠤᠰ ᠤᠨ 1000 ᠳ᠋ᠦᠩᠰᠢᠭᠤᠷ | ᠳ᠋ᠤᠭᠠᠷ ᠬᠤᠪᠢ ᠲᠦᠷᠭᠡᠨ ᠬᠦᠷᠭᠡᠯᠲᠡ ᠪᠤᠶ ᠪᠣᠯᠵᠤ᠂ 2022 ᠣᠨ ᠤ ᠬᠢ ᠠᠴᠠ 39 ᠡᠳᠦᠷ ᠤᠷᠢᠳᠴᠢᠯᠠᠨ᠂ | ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ | ᠢᠯᠡᠷᠡᠭᠦᠯᠪᠡ᠃ | ᠵᠢᠯ ᠤᠨ ᠡᠬᠢᠨ ᠠᠴᠠ ᠨᠠᠭᠠᠰᠢ᠂ ᠮᠠᠨ ᠤ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ | ᠦᠷᠭᠦᠯᠵᠢᠯᠡᠨ ᠲᠦᠷᠭᠡᠨ ᠬᠥᠭᠵᠢᠵᠦ᠂ 3 ᠰᠠᠷ᠎ᠠ ᠠᠴᠠ ᠡᠬᠢᠯᠡᠨ᠂ ᠭᠠᠭᠴᠠ ᠰᠠᠷ᠎ᠠ ᠶᠢᠨ ᠲᠦᠷᠭᠡᠨ ᠬᠦᠷᠭᠡᠯᠲᠡ ᠶᠢᠨ | ᠬᠡᠮᠵᠢᠶ᠎ᠡ ᠵᠠᠭᠤᠨ ᠳ᠋ᠦᠩᠰᠢᠭᠤᠷ ᠬᠤᠪᠢ ᠶᠢ ᠳᠠᠪᠠᠵᠤ᠂ ᠰᠠᠷ᠎ᠠ ᠳᠤᠮᠳᠠᠴᠢ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ | 900 ᠳ᠋ᠦᠩᠰᠢᠭᠤᠷ ᠲᠥᠭᠦᠷᠢᠭ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠤᠯᠤᠰ ᠤᠨ ᠰᠢᠤᠳᠠᠨ ᠤ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ | ᠲᠦᠷᠭᠡᠨ ᠬᠦᠷᠭᠡᠯᠲᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠠᠩ ᠹᠧᠢ᠂ ᠡᠳᠡᠭᠡᠷ ᠠᠮᠵᠢᠯᠲᠠ ᠪᠦᠲᠦᠮᠵᠢ ᠶᠢ | ᠣᠯᠣᠭᠰᠠᠨ ᠨᠢ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ | ᠦᠭᠡᠢ ᠶᠤᠮ᠃ ᠬᠡᠷᠡᠭᠴᠡᠭᠡ ᠶᠢᠨ ᠲᠠᠯ᠎ᠠ ᠳᠤ᠂ ᠮᠠᠨ ᠤ ᠤᠯᠤᠰ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠳᠠᠪᠠᠭᠤᠯᠢᠭ ᠲᠠᠢ᠂ ᠬᠡᠷᠡᠭᠯᠡᠭᠡᠨ ᠤ ᠵᠠᠬ᠎ᠠ ᠳᠡᠯᠭᠡᠭᠦᠷ ᠲᠠᠰᠤᠷᠠᠯᠲᠠ ᠦᠭᠡᠢ ᠰᠡᠷᠭᠦᠵᠦ᠂ ᠬᠤᠷᠸ᠎ᠠ ᠠᠵᠤ ᠠᠬᠤᠢ | ᠰᠠᠶᠢᠵᠢᠷᠠᠬᠤ ᠬᠠᠨᠳᠤᠰᠢ ᠨᠢ ᠠᠵᠢᠯ ᠲᠥᠷᠥᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠲᠤᠶᠢᠯ ᠤᠨ ᠶᠡᠭᠡ ᠪᠠᠷ | ᠬᠥᠭᠵᠢᠭᠡᠵᠦ᠂ ᠠᠵᠢᠯ ᠲᠥᠷᠥᠯ ᠤᠨ ᠬᠡᠪᠴᠢᠶ᠎ᠡ ᠶᠢᠨ ᠦᠷᠭᠦᠯᠵᠢᠯᠡᠨ ᠥᠷᠭᠡᠳᠬᠦ ᠶᠢ ᠪᠦᠲᠦᠮᠵᠢᠲᠡᠶ ᠳᠠᠶᠢᠴᠢᠯᠠᠪᠠ᠃ | ᠬᠠᠩᠭᠠᠯᠭ᠎ᠠ ᠶᠢᠨ ᠲᠠᠯ᠎ᠠ ᠳᠤ᠂ ᠠᠵᠢᠯ ᠲᠦᠷᠦᠯ ᠤᠨ ᠬᠤᠳᠠ ᠬᠥᠳᠡᠭᠡ ᠳᠠᠬᠢ ᠬᠥᠭᠵᠢᠯᠲᠡ ᠨᠡᠩ ᠲᠡᠩᠴᠡᠭᠦᠷᠢᠲᠡᠢ | ᠪᠣᠯᠵᠤ᠂ ᠣᠷᠣᠨ ᠪᠦᠰᠡ ᠶᠢᠨ ᠵᠥᠷᠢᠶ᠎ᠡ ᠶᠢ ᠪᠠᠭᠠᠰᠬᠠᠵᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠡᠩ | ᠲᠡᠭᠦᠯᠳᠡᠷᠵᠢᠪᠡ᠃ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ᠢᠨᠵᠧᠨᠧᠷᠢᠩ ᠢ ᠬᠡᠷᠡᠭᠵᠢᠭᠦᠯᠬᠦ ᠪᠠᠷ | ᠳᠠᠮᠵᠢᠭᠤᠯᠤᠨ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠨᠢ ᠬᠥᠳᠡᠭᠡ ᠲᠣᠰᠬᠤᠨ ᠳᠠᠬᠢ ᠣᠷᠣᠭᠤᠯᠤᠯᠲᠠ ᠪᠠᠨ | ᠨᠡᠮᠡᠭᠳᠡᠭᠦᠯᠵᠦ᠂ ᠰᠦᠯᠵᠢᠶ᠎ᠡ ᠪᠠᠨ ᠲᠡᠭᠦᠯᠳᠡᠷᠵᠢᠭᠦᠯᠦᠨ᠂ ᠬᠡᠷᠡᠭᠯᠡᠭᠡᠨ ᠤ ᠵᠦᠢᠯ ᠢ ᠬᠥᠳᠡᠭᠡ ᠲᠣᠰᠬᠤᠨ ᠳᠤ ᠬᠦᠷᠭᠡᠵᠦ᠂ | ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠳᠠ ᠳᠤ ᠣᠷᠣᠭᠤᠯᠬᠤ ᠠᠷᠭ᠎ᠠ ᠵᠠᠮ ᠢ ᠨᠡᠩ | ᠰᠠᠭᠠᠳ ᠦᠭᠡᠢ ᠪᠣᠯᠭᠠᠪᠠ᠃ ᠤᠯᠤᠰ ᠤᠨ ᠳᠣᠲᠣᠭᠠᠳᠤ ᠶᠢᠨ ᠲᠡᠭᠡᠭᠡᠪᠦᠷᠢ᠂ ᠬᠤᠪᠢᠶᠠᠨ ᠢᠯᠭᠠᠬᠤ ᠠᠵᠢᠯ ᠤᠨ ᠪᠦᠬᠦᠯᠢ | ᠴᠣᠭᠴᠠ ᠶᠢᠨ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ ᠶᠢᠨ ᠵᠡᠷᠭᠡ ᠪᠠᠷ᠂ ᠠᠵᠢᠯ ᠲᠦᠷᠦᠯ ᠤᠨ ᠬᠢᠨ ᠪᠠᠰᠠ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠪᠠ ᠭᠠᠵᠠᠷ ᠣᠷᠣᠨ ᠳᠤ ᠬᠢᠯᠢ ᠶᠢᠨ | ᠭᠠᠳᠠᠨᠠᠬᠢ ᠬᠦᠢᠰᠦ᠂ ᠭᠠᠳᠠᠭᠠᠳᠤ ᠳᠠᠬᠢ ᠰᠠᠩ ᠬᠥᠮᠥᠷᠭᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ ᠪᠠᠶᠢᠨ᠎ᠠ ᠭᠡᠵᠡᠢ᠃ | ᠤᠯᠤᠰ ᠤᠨ ᠰᠢᠤᠳᠠᠨ ᠤ ᠲᠣᠪᠴᠢᠶ᠎ᠠ ᠶᠢᠨ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ | ᠳ᠋ᠠᠶᠢᠲ᠋ᠠ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠰᠢᠦᠢ ᠯᠢᠶᠠᠩ ᠹᠧᠩ᠂ ᠲᠦᠷᠭᠡᠨ ᠬᠦᠷᠭᠡᠯᠲᠡ ᠶᠢᠨ | ᠲᠣᠮᠣ ᠳ᠋ᠠᠶᠢᠲ᠋ᠠ ᠶᠢᠨ ᠲᠠᠪᠴᠠᠩ ᠤᠨ ᠵᠠᠳᠠᠯᠤᠯᠲᠠ ᠳᠤ ᠰᠠᠭᠤᠷᠢᠯᠠᠨ᠂ ᠠᠵᠢᠯ ᠲᠥᠷᠥᠯ ᠤᠨ ᠠᠵᠢᠯᠯᠠᠭᠠᠨ ᠨᠢ ᠥᠨᠳᠥᠷ | ᠪᠠᠶᠢᠷᠢ ᠶᠢᠨ ᠬᠥᠭᠵᠢᠯᠲᠡ ᠶᠢᠨ ᠪᠠᠶᠢᠳᠠᠯ ᠳᠤ ᠣᠷᠣᠰᠢᠵᠤ ᠪᠠᠶᠢᠨ᠎ᠠ᠃ ᠠᠵᠢᠯ ᠲᠥᠷᠥᠯ ᠤᠨ ᠰᠠᠭᠤᠷᠢ | ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠬᠦ ᠵᠢᠴᠢ ᠲᠣᠭᠠᠴᠢᠯᠠᠭᠰᠠᠨ᠂ | ᠠᠦ᠋ᠲ᠋ᠣᠴᠢᠯᠠᠭᠰᠠᠨ ᠮᠡᠷᠭᠡᠵᠢᠯ ᠢ ᠲᠠᠰᠤᠷᠠᠯᠲᠠ ᠦᠭᠡᠢ ᠳᠡᠯᠭᠡᠷᠡᠭᠦᠯᠦᠨ ᠬᠡᠷᠡᠭᠯᠡᠬᠦ ᠶᠢ ᠳᠠᠭᠠᠯᠳᠤᠨ᠂ ᠳᠤᠮᠳᠠ ᠪᠠᠷᠠᠭᠤᠨ | ᠬᠡᠰᠡᠭ ᠤᠨ ᠭᠠᠵᠠᠷ ᠣᠷᠣᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠦᠷᠭᠦᠯᠵᠢᠯᠡᠨ | ᠨᠡᠮᠡᠭᠳᠡᠪᠡ᠃ ᠴᠠᠭᠴᠢ ᠴᠢᠨᠠᠷ ᠤᠨ ᠲᠠᠯ᠎ᠠ ᠪᠠᠷ ᠪᠠᠰᠠ ᠳᠡᠭᠡᠭᠰᠢᠯᠡᠯᠲᠡ ᠲᠠᠢ ᠪᠤᠯᠭᠠᠵᠤ᠂ ᠭᠤᠷᠪᠠᠨ ᠡᠳᠦᠷ ᠤᠨ ᠳᠣᠲᠣᠷ᠎ᠠ | ᠲᠣᠬᠢᠲᠠᠢ ᠬᠦᠷᠭᠡᠬᠦ ᠨᠤᠷᠮ᠎ᠠ ᠶᠢ ᠢᠯᠡᠳᠲᠡ ᠳᠡᠭᠡᠭᠰᠢᠯᠡᠭᠦᠯᠵᠡᠢ ᠭᠡᠵᠦ ᠢᠯᠡᠳᠬᠡᠪᠡ᠃ |