ᠰᠢ ᠶᠢᠨ ᠫᠢᠩ ᠠᠮᠧᠷᠢᠺᠠ ᠶᠢᠨ ᠺᠠᠯᠢᠹᠣᠷᠨᠢᠶ᠎ᠠ ᠵᠧᠦ ᠶᠢᠨ ᠳᠠᠷᠤᠭ᠎ᠠ ᠨᠢᠦ᠋ᠰᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2023/10/26
     ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 25 ᠤ ᠴᠠᠭᠢᠯᠭᠠᠨ ᠮᠡᠳᠡᠭᠡ   10 ᠰᠠᠷ᠎ᠠ ᠶᠢᠨ 25 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠺᠠᠯᠢᠹᠣᠷᠨᠢᠶ᠎ᠠ ᠵᠧᠦ ᠶᠢᠨ ᠳᠠᠷᠤᠭ᠎ᠠ ᠨᠢᠦ᠋ᠰᠧᠨ ᠲᠠᠢ ᠠᠭᠤᠯᠵᠠᠪᠠ᠃      ᠰᠢ ᠶᠢᠨ ᠫᠢᠩ᠂ ᠳᠤᠮᠳᠠᠳᠤ ᠠᠮᠧᠷᠢᠺᠠ ᠬᠤᠶᠠᠷ ᠤᠯᠤᠰ ᠪᠣᠯ ᠪᠦᠭᠦ ᠪᠥᠮᠪᠥᠷᠴᠡᠭ ᠤᠨ ᠡᠮᠦᠨ᠎ᠡ ᠬᠤᠶᠠᠷ ᠲᠣᠮᠣ ᠠᠵᠤ ᠠᠬᠤᠢ ᠶᠢᠨ ᠴᠣᠭᠴᠠ ᠪᠣᠯᠣᠨ᠎ᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠭᠤᠷᠪᠠᠨ ᠤ ᠨᠢᠭᠡ ᠬᠤᠪᠢ ᠶᠢ ᠳᠠᠪᠠᠵᠤ᠂ ᠬᠥᠮᠥᠨ ᠠᠮᠠ ᠶᠢᠨ ᠶᠡᠷᠦᠩᠬᠡᠢ ᠲᠤᠭ᠎ᠠ ᠳᠡᠯᠡᠬᠡᠢ ᠶᠢᠨ ᠳᠥᠷᠪᠡᠨ ᠤ ᠨᠢᠭᠡ ᠰᠢᠬᠠᠮ ᠢ ᠡᠵᠡᠯᠡᠵᠦ᠂ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠪᠠᠷᠤᠭ ᠳᠡᠯᠡᠬᠡᠢ ᠶᠢᠨ ᠲᠠᠪᠤᠨ ᠤ ᠨᠢᠭᠡ ᠬᠤᠪᠢ ᠶᠢ ᠡᠵᠡᠯᠡᠵᠦ᠂ ᠬᠤᠶᠠᠷ ᠲᠠᠯ᠎ᠠ ᠶᠢᠨ ᠠᠰᠢᠭ ᠲᠤᠰᠠ ᠶᠢᠨ ᠠᠭᠤᠰᠤᠯᠴᠠᠯ ᠮᠠᠰᠢ ᠨᠢᠭᠲᠠ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠥᠨᠥᠳᠥᠷ ᠪᠤᠯᠲᠠᠯ᠎ᠠ ᠬᠥᠭᠵᠢᠵᠦ ᠪᠠᠶᠢᠭ᠎ᠠ ᠨᠢ ᠭᠢᠯᠪᠠᠷ ᠪᠤᠰᠤ ᠶᠤᠮ᠂ ᠡᠭᠦᠨ ᠢ ᠬᠤᠪᠢ ᠳᠠᠭᠢᠨ ᠨᠠᠨᠳᠢᠩᠨᠠᠭᠤᠰᠢᠲᠠᠢ ᠶᠤᠮ᠃ ᠳᠤᠮᠳᠠᠳᠤ ᠶᠢᠨ ᠲᠠᠯ᠎ᠠ ᠶᠢᠨ ᠠᠮᠧᠷᠢᠺᠠ ᠳᠤ ᠠᠪᠴᠤ ᠪᠠᠶᠢᠭ᠎ᠠ ᠲᠥᠷᠥ ᠶᠢᠨ ᠪᠣᠳᠣᠯᠭ᠎ᠠ ᠪᠣᠯ ᠳᠠᠷᠤᠢ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠶᠢ ᠢᠮᠠᠭᠲᠠ ᠪᠠᠷᠢᠮᠲᠠᠯᠠᠬᠤ ᠪᠣᠯᠣᠨ᠎ᠠ᠃ ᠳᠤᠮᠳᠠᠳᠤ ᠤᠯᠤᠰ ᠦᠷᠭᠦᠯᠵᠢᠯᠡᠨ ᠡᠨᠡ ᠬᠦ ᠴᠢᠭᠯᠡᠯ ᠲᠡᠶᠢᠰᠢ ᠴᠢᠷᠮᠠᠶᠢᠨ᠎ᠠ᠂ ᠠᠳᠠᠯᠢ ᠪᠠᠷ ᠠᠮᠧᠷᠢᠺᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ ᠺᠠᠯᠢᠹᠣᠷᠨᠢᠶ᠎ᠠ ᠵᠧᠦ ᠳᠤ ᠠᠶᠢᠯᠴᠢᠯᠠᠵᠤ ᠥᠩᠭᠡᠷᠡᠭᠰᠡᠨ ᠪᠠᠶᠢᠳᠠᠯ ᠢᠶᠠᠨ ᠪᠠᠶᠠᠷᠲᠠᠢ ᠪᠠᠷ ᠡᠷᠭᠢᠴᠡᠭᠦᠯᠵᠦ᠂ ᠳᠤᠮᠳᠠᠳᠤ ᠤᠯᠤᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠭᠰᠠᠨ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠲᠤᠷ ᠬᠥᠭᠵᠢᠭᠦᠯᠬᠦ ᠳᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠬᠤ ᠴᠢᠬᠤᠯᠠᠲᠠᠢ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠰᠠᠭᠤᠷᠢ ᠨᠢ ᠠᠷᠠᠳ ᠤᠨ ᠳᠤᠮᠳᠠ ᠪᠤᠢ᠂ ᠬᠦᠰᠡᠯ ᠡᠷᠡᠮᠡᠯᠵᠡᠯ ᠨᠢ ᠠᠷᠠᠳ ᠲᠦᠮᠡᠨ ᠳᠤ ᠪᠤᠢ᠂ ᠢᠷᠡᠭᠡᠳᠦᠢ ᠨᠢ ᠵᠠᠯᠠᠭᠤᠴᠤᠳ ᠲᠤ ᠪᠤᠢ᠂ ᠠᠮᠢᠵᠢᠷᠠᠯ ᠤᠨ ᠬᠦᠴᠦᠨ ᠨᠢ ᠣᠷᠣᠨ ᠨᠤᠲᠤᠭ ᠲᠤ ᠪᠤᠢ᠃ ᠪᠢ ᠳᠤᠮᠳᠠᠳᠤ ᠠᠮᠧᠷᠢᠺᠠ ᠶᠢᠨ ᠡᠯ᠎ᠡ ᠡᠲᠡᠭᠡᠳ ᠤᠨ ᠶᠠᠪᠤᠯᠴᠠᠭ᠎ᠠ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠥᠭᠡᠳ ᠳᠡᠮᠵᠢᠨ᠎ᠡ᠃ ᠲᠠᠨ ᠤ ᠲᠤᠰ ᠤᠳᠠᠭ᠎ᠠ ᠶᠢᠨ ᠠᠶᠢᠯᠴᠢᠯᠠᠯᠲᠠ ᠨᠢ ᠬᠤᠶᠠᠷ ᠲᠠᠯ᠎ᠠ ᠶᠢᠨ ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠳᠤᠮᠳᠠᠳᠤ ᠤᠯᠤᠰ ᠪᠣᠯᠣᠨ ᠺᠠᠯᠢᠹᠣᠷᠨᠢᠶ᠎ᠠ ᠵᠧᠦ ᠶᠢᠨ ᠬᠠᠮᠲᠤᠷᠠᠯᠴᠠᠭ᠎ᠠ ᠶᠢ ᠥᠷᠭᠡᠳᠬᠡᠵᠦ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ᠃ ᠳᠤᠮᠳᠠᠳᠤ ᠠᠮᠧᠷᠢᠺᠠ ᠶᠢᠨ ᠪᠣᠬᠢᠷᠳᠤᠯ ᠦᠭᠡᠢ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ᠂ ᠬᠤᠶᠠᠷ ᠲᠠᠯ᠎ᠠ ᠪᠠᠷ ᠢᠶᠠᠨ ᠡᠨᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠭᠦᠨ ᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠭᠢᠯᠠᠰ ᠴᠡᠭ ᠪᠤᠯᠭᠠᠵᠤ ᠪᠦᠷᠢᠮᠦᠰᠦᠨ ᠪᠤᠯᠬᠤ ᠶᠤᠮ ᠭᠡᠵᠦ ᠴᠢᠬᠤᠯᠠᠴᠢᠯᠠᠪᠠ᠃      ᠨᠢᠦ᠋ᠰᠧᠨ᠂ ᠥᠩᠭᠡᠷᠡᠭᠰᠡᠨ ᠬᠡᠳᠦᠨ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠤᠨ ᠬᠥᠭᠵᠢᠯᠲᠡ ᠶᠡᠷᠦ ᠪᠤᠰᠤ ᠶᠢᠨ ᠠᠮᠵᠢᠯᠲᠠ ᠣᠯᠵᠤ᠂ ᠢᠯᠠᠩᠭᠤᠶ᠎ᠠ ᠣᠶᠢᠷ᠎ᠠ ᠶᠢᠨ ᠵᠢᠯ ᠠᠴᠠ ᠰᠢᠨ᠎ᠡ ᠡᠨᠧᠷᠭᠢ ᠶᠢᠨ ᠬᠦᠷᠢᠶᠡᠨ ᠳᠤ ᠣᠯᠣᠭᠰᠠᠨ ᠠᠮᠵᠢᠯᠲᠠ ᠨᠢ ᠬᠥᠮᠥᠰ ᠢ ᠭᠠᠶᠢᠬᠠᠰᠢ ᠠᠯᠳᠠᠭᠤᠯᠤᠨ᠎ᠠ᠃ ᠳᠡᠯᠡᠬᠡᠢ ᠳᠡᠭᠡᠷ᠎ᠡ ᠪᠤᠰᠤᠳ ᠶᠠᠮᠠᠷᠪᠠ ᠤᠯᠤᠰ ᠤᠨ ᠬᠠᠷᠢᠯᠴᠠᠭ᠎ᠠ ᠨᠢ ᠠᠮᠧᠷᠢᠺᠠ ᠳᠤᠮᠳᠠᠳᠤ ᠶᠢᠨ ᠬᠠᠷᠢᠯᠴᠠᠭ᠎ᠠ ᠠᠴᠠ ᠨᠡᠩ ᠴᠢᠬᠤᠯᠠ ᠪᠢᠰᠢ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠨᠢ ᠠᠮᠧᠷᠢᠺᠠ ᠶᠢᠨ ᠢᠷᠡᠭᠡᠳᠦᠢ ᠳᠤ ᠬᠤᠯᠪᠣᠭᠳᠠᠬᠤ ᠪᠥᠭᠡᠳ ᠠᠷᠠᠳ ᠲᠦᠮᠡᠨ ᠤ ᠵᠣᠯ ᠵᠢᠷᠭᠠᠯ ᠳᠤ ᠬᠤᠯᠪᠣᠭᠳᠠᠨ᠎ᠠ᠃ ᠣᠷᠣᠨ ᠨᠤᠲᠤᠭ ᠤᠨ ᠶᠠᠪᠤᠯᠴᠠᠭ᠎ᠠ ᠪᠣᠯ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠲᠡᠦᠬᠡᠨ ᠳᠡᠭᠡᠷ᠎ᠡ ᠳᠤᠮᠳᠠᠳᠤᠴᠤᠳ ᠺᠠᠯᠢᠹᠣᠷᠨᠢᠶ᠎ᠠ ᠵᠧᠦ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠂ ᠺᠠᠯᠢᠹᠣᠷᠨᠢᠶ᠎ᠠ ᠵᠧᠦ ᠪᠣᠯ ᠠᠮᠧᠷᠢᠺᠠ ᠶᠢᠨ ᠳᠤᠮᠳᠠᠳᠤ ᠤᠯᠤᠰ ᠲᠠᠢ ᠬᠠᠮᠲᠤᠷᠠᠨ ᠠᠵᠢᠯᠯᠠᠬᠤ ᠴᠢᠬᠤᠯᠠ ᠡᠭᠦᠳᠡ ᠪᠣᠯᠣᠭᠰᠠᠭᠠᠷ ᠢᠷᠡᠭᠰᠡᠨ ᠶᠤᠮ᠃ ᠪᠢ ᠲᠡᠷᠢᠭᠦᠯᠡᠭᠴᠢ ᠰᠢ ᠶᠢᠨ ᠫᠢᠩ ᠤᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠲᠤᠬᠠᠢ ᠪᠠᠷᠢᠮᠲᠠᠯᠠᠬᠤ ᠵᠠᠷᠴᠢᠮ ᠢ ᠵᠥᠪᠰᠢᠶᠡᠷᠡᠵᠦ ᠪᠠᠶᠢᠨ᠎ᠠ᠂ ᠳᠤᠷᠠᠲᠠᠶ᠎ᠠ ᠠᠳᠠᠯᠢᠬᠠᠨ ᠵᠣᠷᠢᠭ ᠰᠠᠨᠠᠭ᠎ᠠ ᠪᠠᠷ ᠺᠠᠯᠢᠹᠣᠷᠨᠢᠶ᠎ᠠ ᠵᠧᠦ ᠶᠢᠨ ᠳᠤᠮᠳᠠᠳᠤ ᠤᠯᠤᠰ ᠯᠤᠭ᠎ᠠ ᠶᠢᠨ ᠶᠠᠪᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ᠂ ᠰᠢᠨ᠎ᠡ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠤᠨ᠎ᠠ᠃ ᠺᠠᠯᠢᠹᠣᠷᠨᠢᠶ᠎ᠠ ᠵᠧᠦ ᠳᠤᠷᠠᠲᠠᠶ᠎ᠠ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠣᠭᠲᠠᠭᠤᠨ᠂ ᠬᠦᠴᠦᠷᠬᠡᠭ ᠶᠡᠭᠡ ᠬᠠᠮᠲᠤᠷᠠᠯᠴᠠᠭᠠᠨ ᠤ ᠬᠠᠨᠢᠲᠠᠨ ᠪᠣᠯᠣᠨ᠎ᠠ ᠭᠡᠵᠦ ᠢᠯᠡᠳᠬᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃  
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号