ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ ᠭᠡᠷ ᠲᠤᠨᠢ ᠬᠦᠷᠴᠦ ᠭᠦᠢᠴᠡᠳᠬᠡᠬᠦ  ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠰᠡᠳᠬᠢᠯ ᠵᠢᠷᠦᠬᠡ ᠶᠢ ᠬᠤᠯᠪᠣᠨ᠎ᠠ
ᠨᠡᠶᠢᠲᠡᠯᠡᠭᠰᠡᠨ ᠴᠠᠭ᠄
2023/10/27
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠢᠳᠡᠪᠬᠢᠲᠡᠢ ᠳᠡᠭᠡᠭᠰᠢᠯᠡᠭᠦᠯᠵᠦ᠂ ᠪᠠᠷᠢᠮᠵᠢᠶᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ ᠲᠦᠮᠡᠨ ᠳᠤ ᠵᠢᠷᠤᠮᠵᠢᠯ ᠲᠠᠢ᠂ ᠳᠥᠭᠦᠮ ᠳᠥᠲᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠪᠡ᠃
           ᠣᠳᠣᠬᠠᠨ ᠳᠤ ᠶᠠᠭ ᠨᠠᠮᠤᠷ ᠤᠨ ᠬᠤᠷᠢᠶᠠᠯᠲᠠ ᠶᠢᠨ ᠲᠠᠷᠢᠶᠠᠯᠠᠩ ᠤᠨ ᠶᠠᠭᠠᠷᠠᠤ ᠤᠯᠠᠷᠢᠯ ᠪᠣᠯᠣᠨ᠎ᠠ᠂ ᠬᠡᠰᠡᠭ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠮᠡᠳᠡᠭᠦᠯᠬᠦ ᠬᠦᠰᠡᠯ ᠲᠠᠢ ᠣᠯᠠᠨ ᠲᠦᠮᠡᠨ ᠴᠠᠭ ᠭᠠᠷᠭᠠᠨ ᠡᠵᠡᠩᠨᠡᠯᠲᠡ ᠶᠢᠨ ᠦᠨᠡᠮᠯᠡᠯ ᠠᠪᠴᠤ ᠴᠢᠳᠠᠬᠤ ᠦᠭᠡᠢ ᠪᠠᠶᠢᠳᠠᠯ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠤᠨ ᠰᠢᠶᠠᠩ ᠪᠠᠯᠭᠠᠰᠤᠨ ᠤ ᠦᠨᠳᠦᠰᠦᠨ ᠱᠠᠲᠤᠨ ᠳᠤ ᠪᠠᠭᠤᠯᠭᠠᠵᠤ᠂ ᠣᠯᠠᠨ ᠲᠦᠮᠡᠨ ᠳᠤ ᠡᠵᠡᠩᠨᠡᠯᠲᠡ ᠶᠢᠨ ᠦᠨᠡᠮᠯᠡᠯ ᠣᠯᠭᠤᠬᠤ ᠶᠠᠪᠤᠴᠠ ᠳᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠤᠰᠬᠠᠢ ᠲᠤᠰᠢᠶᠠᠯᠲᠠᠨ ᠠᠴᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠢᠭᠡ ᠨᠢᠭᠡ ᠪᠠᠷ ᠵᠢᠭᠠᠨ ᠵᠢᠯᠤᠭᠤᠳᠬᠤ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠬᠡᠷᠡᠭᠴᠡᠭᠡ ᠪᠦᠬᠦᠢ ᠡᠵᠡᠩᠨᠡᠯᠲᠡ ᠶᠢᠨ ᠦᠨᠡᠮᠯᠡᠯ ᠢ ᠨᠢ ᠭᠦᠢᠴᠡᠳᠬᠡᠵᠦ᠂ ᠲᠤᠬᠠᠢ ᠶᠢᠨ ᠡᠳᠦᠷ ᠲᠤ ᠨᠡᠶᠢᠲᠡ 13 ᠬᠤᠪᠢ ᠶᠢᠨ ᠡᠷᠦᠬᠡ ᠶᠢᠨ ᠡᠵᠡᠩᠨᠡᠯᠲᠡ ᠶᠢᠨ ᠦᠨᠡᠮᠯᠡᠯ ᠢ ᠭᠦᠢᠴᠡᠳᠬᠡᠵᠦ ᠥᠭᠭᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ︽ᠴᠢ ᠭᠦᠢᠴᠡᠳᠬᠡᠬᠦ︾ ᠪᠠᠶᠢᠭᠰᠠᠨ ᠠᠴᠠ ︽ᠬᠠᠪᠰᠤᠷᠤᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠲᠤᠰᠬᠠᠢ ᠮᠡᠷᠭᠡᠵᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠠᠯᠠᠭᠤᠨ ᠰᠡᠳᠬᠢᠯᠭᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠰᠡᠳᠬᠢᠯᠭᠡ ᠶᠢ ᠳᠠᠮᠵᠢᠭᠤᠯᠬᠤ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号