ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ | ᠲᠥᠷᠥᠯ ᠵᠦᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ᠂ ᠥᠪᠥᠷ ᠮᠣᠩᠭᠤᠯ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠠᠴᠠ ᠬᠠᠷᠢᠭᠤᠴᠠᠨ | ᠲᠤᠭᠤᠷᠪᠢᠭᠰᠠᠨ︽ᠬᠤᠨᠢ ᠦᠬᠡᠷ ᠤᠨ ᠮᠢᠬ᠎ᠠ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ | ᠦᠢᠯᠡᠴᠢᠯᠡᠭᠡᠨ ᠤ ᠵᠢᠷᠤᠮᠵᠢᠯ︾ᠪᠣᠯᠣᠨ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ | ᠤ ᠵᠢᠷᠤᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠡᠬᠡ ᠨᠣᠣᠷᠠᠭ ᠢ ᠬᠢᠨᠠᠨ ᠪᠠᠶᠢᠴᠠᠭᠠᠬᠤ ᠬᠤᠷᠠᠯ | ᠲᠦᠷᠦᠭᠦᠬᠡᠨ ᠭᠦᠭᠡᠬᠤᠲᠠ ᠳᠤ ᠬᠤᠷᠠᠯᠳᠤᠵᠤ᠂ ᠬᠤᠷᠠᠯ ᠠᠴᠠ ᠡᠨᠡ ᠬᠤᠶᠠᠷ ᠵᠦᠢᠯ ᠤᠨ ᠣᠷᠣᠨ ᠨᠤᠲᠤᠭ ᠤᠨ | ᠪᠠᠷᠢᠮᠵᠢᠶᠠᠨ ᠤ ᠡᠭᠦᠷᠭᠡ ᠶᠢᠨ ᠢᠷᠡᠯᠲᠡ ᠲᠣᠳᠣᠷᠬᠠᠢ᠂ ᠪᠠᠶᠢᠴᠠᠭᠠᠨ ᠰᠤᠳᠤᠯᠤᠯᠲᠠ ᠭᠦᠢᠴᠡᠳ᠂ ᠠᠭᠤᠯᠭ᠎ᠠ ᠪᠦᠷᠢᠨ | ᠭᠦᠢᠴᠡᠳ᠂ ᠨᠠᠶᠢᠷᠠᠭᠤᠯᠤᠨ ᠪᠢᠴᠢᠭᠰᠡᠨ ᠨᠢ ᠵᠢᠷᠤᠮᠵᠢᠯ ᠲᠠᠢ ᠬᠡᠮᠡᠨ ᠡᠬᠡ ᠨᠣᠣᠷᠠᠭ ᠤᠨ ᠬᠢᠨᠠᠨ ᠪᠠᠶᠢᠴᠠᠭᠠᠯᠲᠠ ᠶᠢ | ᠪᠠᠲᠤᠯᠠᠬᠤ ᠶᠢ ᠵᠥᠪᠰᠢᠶᠡᠷᠡᠪᠡ᠃ | ᠣᠨᠴᠠᠯᠢᠭᠲᠤ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠣᠷᠣᠨ ᠨᠤᠲᠤᠭ ᠤᠨ ᠪᠠᠷᠢᠮᠵᠢᠶ᠎ᠠ ᠶᠢ | ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠪᠣᠯ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠣᠨᠴᠠᠯᠢᠭᠲᠤ | ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠨᠠᠶᠢᠳᠠᠪᠤᠷᠢᠵᠢᠭᠤᠯᠬᠤ ᠴᠢᠬᠤᠯᠠ ᠠᠵᠢᠯ ᠤᠨ ᠨᠢᠭᠡ ᠪᠣᠯᠣᠨ᠎ᠠ᠂ ᠮᠥᠨ ᠴᠦ ︽ᠥᠪᠡᠷᠲᠡᠭᠡᠨ ᠵᠠᠰᠠᠬᠤ ᠣᠷᠣᠨ ᠤ | ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢᠨ | ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠡᠳ᠋ | ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠵᠡᠷᠭᠡ ᠱᠠᠭᠠᠷᠳᠠᠯᠭ᠎ᠠ ᠶᠢ | ᠲᠤᠭᠤᠰᠢᠯᠠᠭᠤᠯᠬᠤ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽ᠬᠤᠨᠢ ᠦᠬᠡᠷ ᠤᠨ ᠮᠢᠬ᠎ᠠ ᠶᠢᠨ ᠪᠦᠲᠦᠭᠡᠭᠳᠡᠬᠦᠨ ᠤ ᠬᠦᠢᠲᠡᠨ | ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾᠂ ︽ᠴᠠᠭᠠᠨ ᠢᠳᠡᠭᠡᠨ ᠤ ᠬᠦᠢᠲᠡᠨ ᠬᠡᠯᠬᠢᠶᠡᠲᠦ | ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠨᠢ ᠮᠠᠨ ᠤ | ᠣᠷᠣᠨ ᠤ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠬᠤᠯᠠ ᠦᠢᠯᠡᠳᠪᠦᠷᠢᠯᠡᠯ | ᠤᠨ ᠰᠠᠭᠤᠷᠢᠨ ᠪᠤᠯᠬᠤ ᠠᠵᠤ ᠦᠢᠯᠡᠰ ᠤᠨ ᠣᠨᠴᠠᠯᠢᠭ ᠢ ᠪᠠᠳᠠᠷᠠᠭᠤᠯᠬᠤ᠂ ᠮᠠᠨ ᠤ ᠣᠷᠣᠨ ᠤ ᠬᠤᠨᠢ ᠦᠬᠡᠷ ᠤᠨ | ᠮᠢᠬ᠎ᠠ᠂ ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠠᠵᠢᠯ ᠤᠨ ᠳᠡᠰ ᠳᠠᠷᠠᠭᠠᠯᠠᠯ ᠢ ᠤᠯᠠᠮ ᠨᠢᠭᠡ | ᠠᠯᠬᠤᠮ ᠵᠢᠷᠤᠮᠵᠢᠭᠤᠯᠬᠤ ᠳᠤ ᠮᠠᠰᠢ ᠰᠠᠶᠢᠨ ᠵᠢᠯᠤᠭᠤᠳᠬᠤ ᠦᠢᠯᠡᠳᠦᠯ ᠦᠵᠡᠭᠦᠯᠭᠦ ᠪᠣᠯᠣᠨ᠎ᠠ᠃ |