ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠣᠯᠠᠨ ᠤᠯᠤᠰ ᠤᠨ ᠱᠤᠭᠤᠮᠠᠯ ᠤᠷᠠᠯᠢᠭ ᠤᠨ ᠦᠵᠡᠭᠦᠯᠭᠡ ᠬᠥᠭᠵᠢᠶᠡᠨ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2023/10/27
     ᠭᠦᠭᠡᠬᠤᠳᠠ ᠪᠣᠯᠣᠨ ᠳᠤᠮᠳᠠᠳᠤ ᠤᠯᠤᠰ ᠤᠨ ᠬᠤᠲᠠ ᠶᠢᠨ ᠱᠤᠭᠤᠮᠠᠯᠴᠢᠳ ᠤᠨ ᠨᠡᠶᠢᠭᠡᠮᠯᠢᠭ ᠠᠴᠠ ᠬᠠᠮᠲᠤᠷᠠᠨ ᠪᠠᠶᠢᠭᠤᠯᠤᠭᠰᠠᠨ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠣᠶᠢᠷ᠎ᠠ ᠳᠤ ᠡᠭᠦᠳᠡ ᠪᠠᠨ ᠨᠡᠭᠡᠭᠡᠨ ᠡᠷᠦᠭᠡ ᠪᠠᠨ ᠰᠡᠬᠦᠵᠦ᠂ ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠣᠯᠠᠨ ᠤᠯᠤᠰ ᠤᠨ ᠱᠤᠭᠤᠮᠠᠯ ᠤᠷᠠᠯᠢᠭ ᠤᠨ ᠦᠵᠡᠭᠦᠯᠭᠡ ᠠᠳᠡ ᠭᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃      ᠬᠤᠲᠠ ᠶᠢᠨ ᠰᠣᠶᠣᠯ ᠤᠨ ᠰᠢᠨ᠎ᠡ ᠪᠡᠯᠭᠡ ᠲᠡᠮᠳᠡᠭ ᠪᠣᠯᠤᠭᠰᠠᠨ ᠭᠦᠭᠡᠬᠤᠲᠠ ᠶᠢᠨ ᠱᠤᠭᠤᠮᠠᠯ ᠤᠷᠠᠯᠢᠭ ᠤᠨ ᠣᠷᠳᠣᠨ ᠨᠢ ᠭᠦᠭᠡᠬᠤᠳᠠ ᠶᠢᠨ ᠰᠢᠨᠬᠤᠸᠠ ᠵᠡᠭᠦᠨ ᠵᠡᠭᠡᠯᠢ ᠳᠤ ᠥᠪᠥᠷ ᠮᠣᠩᠭᠤᠯ ᠤᠨ ᠮᠦᠽᠧᠢ ᠶᠢᠨ ᠡᠮᠦᠨ᠎ᠡ ᠲᠠᠯ᠎ᠠ  ᠳᠤ ᠪᠠᠶᠢᠷᠢᠯᠠᠨ᠂ ᠪᠠᠷᠢᠯᠭ᠎ᠠ ᠶᠢᠨ ᠲᠠᠯᠠᠪᠠᠶ ᠨᠢ 2.5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂  ᠱᠤᠭᠤᠮᠠᠯ ᠤᠨ ᠭᠤᠣᠯ ᠦᠵᠡᠭᠦᠯᠭᠡ ᠶᠢᠨ ᠣᠷᠳᠣᠨ᠂ ᠲᠤᠰᠬᠠᠢ ᠰᠡᠳᠦᠪᠲᠦ ᠦᠵᠡᠭᠦᠯᠭᠡ ᠶᠢᠨ ᠣᠷᠳᠣᠨ᠂ ᠤᠷᠠᠯᠢᠭᠴᠢᠨ ᠤ ᠠᠵᠢᠯᠯᠠᠬᠤ ᠦᠷᠦᠭᠡ᠂ ᠣᠯᠠᠨ ᠴᠢᠳᠠᠪᠬᠢᠲᠤ ᠬᠤᠷᠠᠯ ᠤᠨ ᠲᠢᠩᠬᠢᠮ᠂ ᠺᠣᠹᠧ ᠶᠢᠨ ᠮᠤᠬᠤᠯᠠᠭ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠳᠡᠯᠭᠡᠭᠦᠷ ᠵᠢᠴᠢ ᠢᠵᠢ ᠪᠦᠷᠢᠳᠦᠭᠰᠡᠨ ᠬᠤᠳᠠᠯᠳᠤᠭᠠᠨ ᠤ ᠣᠷᠣᠨ ᠪᠦᠰᠡ ᠲᠠᠢ ᠶᠤᠮ᠃      ︽ᠲᠣᠷᠭᠠᠨ ᠵᠠᠮ︾ ᠢᠶᠠᠷ ᠬᠤᠯᠪᠣᠭᠠᠰᠤ ᠪᠣᠯᠭᠠᠨ ᠱᠤᠭᠤᠮᠠᠯ ᠤᠨ ᠤᠷᠠᠯᠢᠭ ᠢᠶᠠᠷ ᠵᠠᠭᠤᠴᠢ ᠪᠤᠯᠭᠠᠵᠤ᠂ ︽ᠡᠩᠬᠡ ᠲᠠᠶᠢᠪᠤᠩ ᠬᠠᠮᠲᠤᠷᠠᠯᠴᠠᠭ᠎ᠠ᠂ ᠨᠡᠭᠡᠭᠡᠯᠲᠡᠲᠡᠢ ᠪᠠᠭᠲᠠᠭᠠᠮᠵᠢᠲᠠᠢ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ︾ ᠪᠠᠷ ᠭᠤᠣᠯ ᠰᠡᠳᠦᠪ ᠪᠣᠯᠭᠠᠨ᠂ ︽ᠤᠮᠠᠷᠠᠲᠤ ᠬᠢᠯᠢ ᠶᠢᠨ ᠰᠣᠶᠣᠯ︾ ᠢ ᠪᠠᠶᠠᠯᠢᠭᠵᠢᠭᠤᠯᠤᠨ ᠥᠷᠭᠡᠳᠬᠡᠭᠰᠡᠨ ᠠᠩᠬᠠᠳᠤᠭᠠᠷ ᠬᠤᠭᠤᠴᠠᠭᠠᠨ ᠤ ᠭᠦᠭᠡᠬᠤᠲᠠ ᠶᠢᠨ ᠣᠯᠠᠨ ᠤᠯᠤᠰ  ᠤᠨ ᠱᠤᠭᠤᠮᠠᠯ ᠤᠷᠠᠯᠢᠭ ᠤᠨ ᠦᠵᠡᠭᠦᠯᠭᠡ ᠨᠢ ︽ᠤᠷᠠᠯᠢᠭ ᠤᠨ ᠤᠭᠢ ᠰᠣᠳᠣ ·ᠴᠠᠭ ᠦᠶ᠎ᠡ ᠶᠢᠨ ᠮᠠᠭᠲᠠᠭᠠᠯ︾᠂ ︽ᠪᠣᠯᠪᠠᠰᠤᠨ ᠤ ᠠᠬᠤᠢ ᠪᠠᠶᠢᠳᠠᠯ ·ᠭᠡᠷᠡᠯ ᠭᠢᠯᠪᠠᠭ᠎ᠠ︾᠂ ︽ᠳᠤᠮᠳᠠᠳᠤ ᠶᠢᠨ ᠰᠣᠶᠣᠯ·ᠥᠷᠭᠡᠨ ᠳᠡᠯᠭᠡᠷ ᠡᠶ᠎ᠡ ᠨᠠᠶᠢᠷᠠᠮᠳᠠᠭᠤ︾ ᠭᠡᠬᠦ  ᠭᠤᠷᠪᠠᠨ ᠪᠦᠯᠦᠭ ᠢᠶᠠᠷ ᠪᠦᠷᠢᠯᠳᠦᠵᠡᠢ᠃ ᠦᠵᠡᠭᠦᠯᠭᠡ ᠨᠢ 3 ᠰᠠᠷ᠎ᠠ ᠦᠷᠭᠦᠯᠵᠢᠯᠡᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 58 ᠰᠣᠩᠭᠤᠳᠠᠭ ᠱᠤᠭᠤᠮᠠᠯ ᠵᠢᠴᠢ ᠲᠤᠰᠬᠠᠢ ᠲᠦᠷᠦᠯ ᠢᠶᠠᠷ  ᠡᠯᠰᠡᠭᠰᠡᠨ 100 ᠪᠦᠲᠦᠭᠡᠯ   ᠢ ᠳᠡᠯᠭᠡᠨ ᠦᠵᠡᠭᠦᠯᠭᠦ ᠪᠣᠯᠣᠨ᠎ᠠ᠃      ᠲᠤᠰ ᠦᠵᠡᠭᠦᠯᠭᠡ ᠳᠤ ᠳᠡᠯᠭᠡᠨ ᠦᠵᠡᠭᠦᠯᠵᠦ ᠪᠠᠶᠢᠭ᠎ᠠ ᠪᠦᠲᠦᠭᠡᠯ ᠨᠢ  ᠠᠳᠠᠯᠢ  ᠪᠤᠰᠤ  ᠢᠯᠡᠷᠡᠭᠦᠯᠬᠦ ᠠᠷᠭ᠎ᠠ ᠪᠠᠷᠢᠯ ᠪᠠ ᠮᠠᠲ᠋ᠧᠷᠢᠶᠠᠯ ᠢ ᠠᠰᠢᠭᠯᠠᠨ ᠭᠡᠯᠪᠡᠷᠢ ᠳᠦᠷᠰᠦ ᠨᠢ ᠠᠳᠠᠯᠢ ᠪᠤᠰᠤ ᠤᠷᠠᠯᠢᠭ ᠤᠨ ᠳᠦᠷᠢ ᠲᠥᠷᠬᠦ ᠶᠢ ᠪᠦᠲᠦᠭᠡᠵᠦ᠂ ᠣᠯᠠᠨ ᠤᠯᠤᠰ ᠤᠨ ᠰᠣᠶᠣᠯ ᠤᠨ ᠰᠣᠯᠢᠯᠴᠠᠭ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ   ᠰᠣᠶᠣᠯ  ᠤᠨ ᠤᠯᠠᠮᠵᠢᠯᠠᠯ ᠵᠠᠯᠭᠠᠮᠵᠢᠯᠠᠯ ᠵᠢᠴᠢ ᠣᠯᠠᠨ ᠦᠨᠳᠦᠰᠦᠲᠡᠨ ᠠᠭᠤᠰᠤᠯᠴᠠᠭᠰᠠᠨ ᠲᠠᠩᠰᠤᠭ ᠰᠠᠶᠢᠬᠠᠨ ᠰᠣᠶᠣᠯ ᠢ  ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠤᠷᠠᠯᠢᠭ ᠬᠢᠭᠡᠳ ᠰᠣᠶᠣᠯ ᠤᠨ ᠠᠭᠤᠰᠤᠯᠴᠠᠯ ᠤᠨ ᠬᠢᠵᠠᠭᠠᠯᠠᠰᠢ ᠦᠭᠡᠢ ᠷᠢᠳᠢ ᠰᠢᠳᠢ ᠵᠢᠴᠢ ᠭᠦᠭᠡᠬᠤᠲᠠ ᠶᠢᠨ ᠨᠡᠭᠡᠭᠡᠯᠲᠡᠲᠡᠢ ᠪᠠᠭᠲᠠᠭᠠᠮᠵᠢᠲᠠᠢ ᠰᠣᠶᠣᠯ ᠤᠨ ᠪᠠᠶᠢᠷᠢᠰᠢᠯ ᠢ ᠢᠯᠡᠷᠡᠭᠦᠯᠪᠡ᠃ ᠲᠡᠷᠡ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠱᠤᠭᠤᠮᠠᠯ ᠤᠨ ᠪᠦᠲᠦᠭᠡᠯ ᠢ ᠭᠦᠭᠡᠬᠤᠲᠠ ᠳᠤ ᠠᠩᠬ᠎ᠠ ᠤᠳᠠᠭ᠎ᠠ ᠲᠥᠪᠯᠡᠷᠡᠭᠦᠯᠦᠨ ᠣᠷᠣᠭᠤᠯᠤᠭᠰᠠᠨ ᠪᠥᠭᠡᠳ ᠪᠣᠯᠪᠠᠰᠤᠨ ᠤ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ᠂ ᠤᠷᠠᠯᠢᠭ ᠤᠨ ᠭᠤᠸ᠎ᠠ ᠰᠠᠶᠢᠬᠠᠨ ᠢ ᠣᠷᠣᠨ ᠤ ᠲᠥᠪ ᠤᠨ ᠣᠯᠠᠨ ᠲᠦᠮᠡᠨ ᠤ ᠡᠳᠦᠷ ᠲᠤᠲᠤᠮ  ᠤᠨ ᠠᠮᠢᠳᠤᠷᠠᠯ ᠳᠤ ᠣᠷᠣᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠣᠳᠣᠬᠢᠴᠢᠯᠠᠭᠰᠠᠨ ᠬᠤᠲᠠ ᠶᠢᠨ ᠣᠶᠤᠨ ᠰᠠᠨᠠᠭ᠎ᠠ ᠪᠠ ᠰᠣᠶᠣᠯ ᠤᠨ ᠠᠭᠤᠯᠤᠭᠳᠠᠬᠤᠨ ᠢ  ᠤᠯᠠᠮ ᠨᠢᠭᠡ ᠠᠯᠬᠤᠮ ᠪᠠᠶᠠᠯᠢᠭᠵᠢᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号