ᠲᠦᠷᠦᠭᠦᠦ ᠭᠤᠷᠪᠠᠨ ᠤᠯᠠᠷᠢᠯ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠵᠡᠢ
ᠨᠡᠶᠢᠲᠡᠯᠡᠭᠰᠡᠨ ᠴᠠᠭ᠄
2023/10/29
     ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ 25 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2023 ᠣᠨ ᠤ 1 ᠠᠴᠠ 9 ᠰᠠᠷ᠎ᠠ ᠪᠤᠯᠲᠠᠯ᠎ᠠ ᠦᠨᠳᠦᠰᠦᠨ ᠡᠮ ᠡᠮᠨᠡᠯᠭᠡ  ᠶᠢᠨ ᠳᠠᠭᠠᠳᠬᠠᠯ ᠤᠨ ᠰᠠᠭᠤᠷᠢ ᠮᠥᠩᠭᠦ︵ᠦᠷᠡᠵᠢᠯ ᠤᠨ ᠳᠠᠭᠠᠳᠬᠠᠯ ᠪᠠᠭᠲᠠᠨ᠎ᠠ︶ ᠶᠢᠨ ᠶᠡᠷᠦᠩᠬᠡᠢ ᠣᠷᠣᠯᠭ᠎ᠠ 23468.3 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠃      ᠡᠭᠦᠨ ᠳᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠶᠢᠨ ᠣᠷᠣᠯᠭ᠎ᠠ 16612.55 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.1% ᠪᠠᠷ ᠨᠡᠮᠡᠭᠳᠡᠪᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 6855.75 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ  ᠵᠢᠯ ᠤᠨ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ᠃      ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠶᠢᠨ ᠶᠡᠷᠦᠩᠬᠡᠢ ᠵᠠᠷᠤᠯᠭ᠎ᠠ 20378.33 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.9% ᠪᠠᠷ ᠨᠡᠮᠡᠭᠳᠡᠪᠡ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠶᠢᠨ ᠵᠠᠷᠤᠯᠭ᠎ᠠ 12784.65 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠪᠡ᠂ ᠡᠭᠦᠨ ᠤ ᠳᠣᠲᠣᠷ᠎ᠠ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠷᠠᠭᠠᠯᠵᠠᠯ ᠤᠨ ᠵᠠᠷᠤᠯᠭ᠎ᠠ 801.67 ᠳ᠋ᠦᠩᠰᠢᠭᠤᠷ ᠲᠥᠭᠦᠷᠢᠭ ᠲᠤ ᠭᠦᠷᠴᠡᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 7593.67 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号