ᠣᠶᠢᠷ᠎ᠠ ᠳᠤ᠂ ᠪᠥᠬᠦ ᠤᠯᠤᠰ ᠤᠨ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠳᠤ | ᠣᠯᠭᠤᠬᠤ ᠥᠪᠡᠷ ᠤᠨ ᠥᠷᠲᠡᠭ ᠤᠨ ᠨᠥᠬᠦᠪᠦᠷᠢ ᠮᠥᠩᠭᠦ ᠶᠢᠨ ᠳᠠᠭᠠᠳᠬᠠᠯ ᠢ ᠪᠤᠭᠤᠲᠤ ᠬᠤᠲᠠ ᠳᠤ ᠬᠡᠷᠡᠭᠵᠢᠭᠦᠯᠵᠦ | ᠂ ᠲᠥᠪ ᠤᠨ ᠡᠳ᠋ ᠤᠨ ᠵᠠᠰᠠᠭ ᠠᠴᠠ ᠳᠠᠴᠢᠷᠳᠠᠬᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ | ᠲᠤᠷᠰᠢᠯᠲᠠ ᠶᠢᠨ ᠲᠥᠷᠥᠯ ᠵᠦᠢᠯ ᠪᠤᠯᠬᠤ ᠪᠤᠭᠤᠲᠤ ᠬᠤᠲᠠ ᠶᠢᠨ ᠭᠦᠶᠠᠩ ᠰᠢᠶᠠᠨ ᠤ 10000 ᠮᠦ ᠠᠭᠤᠯᠠᠷᠬᠠᠭ | ᠭᠠᠵᠠᠷ ᠲᠤ ᠲᠦᠭᠰᠢᠭᠦᠷᠢ ᠠᠴᠠ ᠰᠡᠷᠭᠡᠶᠢᠯᠡᠬᠦ 100 ᠲᠦᠮᠡᠨ ᠲᠥᠭᠦᠷᠢᠭ ᠤᠨ ᠪᠠᠲᠤᠯᠠᠭ᠎ᠠ ᠬᠠᠩᠭᠠᠪᠠ᠃ | ᠲᠤᠰ ᠳᠠᠭᠠᠳᠬᠠᠯ ᠤᠨ ᠲᠥᠷᠥᠯ ᠵᠦᠢᠯ ᠢ ᠠᠨ ᠬᠤᠸᠠ ᠲᠠᠷᠢᠶᠠᠯᠠᠩ ᠤᠨ ᠲᠠᠭᠠᠳᠬᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠳᠠᠭᠠᠭᠠᠴᠢᠯᠠᠨ | ᠬᠡᠷᠡᠭᠵᠢᠭᠦᠯᠵᠦ᠂ ᠳᠠᠭᠠᠳᠬᠠᠯ ᠤᠨ ᠭᠡᠷ᠎ᠡ ᠶᠢ ᠦᠨᠳᠦᠰᠦᠯᠡᠵᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ | ᠬᠠᠭᠤᠷᠠᠢ ᠡᠪᠡᠰᠦᠨ ᠤ ᠭᠠᠷᠭᠠᠯᠲᠠ ᠪᠠ ᠣᠯᠠᠨ ᠨᠠᠰᠤᠲᠤ ᠰᠢᠯᠢᠳᠡᠭ ᠡᠪᠡᠰᠦ ᠤᠷᠭᠤᠮᠠᠯ ᠤᠨ ᠥᠰᠦᠯᠲᠡ ᠶᠢᠨ | ᠬᠠᠷᠢᠴᠠᠯ ᠤᠨ ᠳᠠᠭᠠᠤ ᠲᠥᠯᠥᠪᠦᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃ ᠵᠢᠱᠢᠶᠡᠯᠡᠪᠡᠯ ᠤᠷᠭᠤᠮᠠᠯ ᠬᠤᠴᠢᠯᠭ᠎ᠠ ᠶᠢᠨ | ᠪᠦᠷᠬᠦᠴᠡ ᠶᠢ 5% ᠪᠠᠷ ᠳᠡᠭᠡᠭᠰᠢᠯᠡᠭᠦᠯᠬᠦ ᠪᠤᠶᠤ ᠬᠠᠭᠤᠷᠠᠢ ᠡᠪᠡᠰᠦᠨ ᠤ ᠤᠨᠠᠯᠲᠠ ᠶᠢ ᠮᠦ ᠪᠦᠷᠢ 10 | ᠺᠢᠯᠣᠭ᠍ᠷᠠᠮ ᠲᠤ ᠬᠦᠷᠬᠡᠪᠡᠯ ᠬᠠᠷᠢᠴᠠᠯ ᠶᠣᠰᠣᠭᠠᠷ ᠳᠠᠭᠠᠳᠬᠠᠯ ᠤᠨ ᠨᠥᠬᠦᠪᠦᠷᠢ ᠮᠥᠩᠭᠦ ᠣᠯᠭᠤᠵᠤ᠂ ᠮᠠᠯᠴᠢᠨ | ᠲᠠᠷᠢᠶᠠᠴᠢᠨ ᠤ ᠳᠠᠴᠢᠷᠳᠠᠬᠰᠠᠨ ᠨᠤᠲᠤᠭ ᠪᠡᠯᠴᠢᠭᠡᠷ ᠢ ᠰᠡᠷᠭᠦᠭᠡᠬᠦ ᠳᠤ ᠢᠳᠡᠪᠬᠢᠲᠡᠢ ᠣᠷᠣᠯᠴᠠᠬᠤ ᠶᠢ ᠵᠣᠷᠢᠬᠵᠢᠭᠤᠯᠵᠦ | ᠂ ᠮᠠᠯᠵᠢᠬᠤ ᠣᠷᠣᠨ ᠤ ᠠᠮᠢ ᠠᠬᠤᠢ ᠶᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |