ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠳᠥᠷᠪᠡᠳᠦᠭᠡᠷ ᠤᠳᠠᠭᠠᠨ ᠤ ᠪᠦᠭᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ | ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ 2023 ᠣᠨ ᠤ 11 ᠰᠠᠷ᠎ᠠ ᠠᠴᠠ ᠡᠬᠢᠯᠡᠨ | ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ | ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠬᠠᠮᠠᠭᠠᠯᠠᠯᠲᠠ ᠶᠢ ᠲᠡᠷᠢᠭᠦᠨ ᠳᠤ | ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ | ᠳᠤᠷᠠᠰᠬᠠᠯᠲᠤ ᠵᠦᠢᠯᠡᠰ ᠢ ᠠᠮᠢᠳᠤᠯᠢᠭᠵᠢᠭᠤᠯᠬᠤ ᠲᠤᠬᠠᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠨᠢᠭᠲᠠ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠨᠡᠶᠢᠳᠡᠮ | ᠪᠠᠶᠢᠴᠠᠭᠠᠯᠲᠠ ᠶᠢᠨ ᠦᠷ᠎ᠡ ᠳ᠋ᠦᠩ ᠢᠶᠠᠷ ᠮᠠᠨ ᠤ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠭᠦ ᠲᠠᠯ᠎ᠠ ᠪᠠᠷ ᠪᠤᠰᠤᠳᠴᠢ ᠪᠠᠷ | ᠲᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠮᠡᠳᠡᠭᠳᠡᠯ︾ ᠳᠤ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠪᠣᠯ ᠤᠯᠤᠰ ᠤᠨ ᠰᠢᠯᠵᠢᠭᠦᠯᠵᠦ | ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠵᠤ᠂ | ᠪᠦᠭᠦ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ | ᠲᠣᠮᠣ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ | ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠠᠪᠤᠳᠠᠯ ᠪᠣᠯᠣᠨ᠎ᠠ᠃ ᠰᠢᠯᠵᠢᠭᠦᠯᠵᠦ | ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠬᠢᠨᠠᠨ ᠲᠣᠭᠲᠠᠭᠠᠬᠤ ᠪᠠᠷᠢᠮᠵᠢᠶ᠎ᠠ ᠪᠠ ᠳᠡᠩᠰᠡᠯᠡᠵᠦ ᠨᠡᠶᠢᠲᠡᠯᠡᠬᠦ ᠲᠠᠰ ᠳᠠᠷᠠᠭᠠᠯᠠᠯ ᠢ | ᠵᠢᠷᠤᠮᠵᠢᠭᠤᠯᠵᠤ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠰᠢᠯᠵᠢᠭᠦᠯᠵᠦ | ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠪᠦᠭᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ | ᠬᠠᠮᠢᠶᠠᠷᠤᠨ ᠡᠵᠡᠮᠳᠡᠬᠦ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠲᠤᠰᠬᠠᠢ ᠮᠡᠷᠭᠡᠵᠢᠯ ᠤᠨ | ᠠᠵᠢᠯᠲᠠᠨ ᠢ ᠬᠥᠮᠥᠵᠢᠭᠦᠯᠦᠨ ᠪᠤᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠪᠦᠭᠦ ᠨᠡᠶᠢᠭᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠡᠶᠢᠳᠡᠮ ᠪᠠᠶᠢᠴᠠᠭᠠᠬᠤ ᠬᠡᠪᠴᠢᠶ᠎ᠡ ᠪᠣᠯ ᠮᠠᠨ ᠤ ᠤᠯᠤᠰ ᠤᠨ ᠬᠢᠯᠢ ᠳᠣᠲᠣᠷᠠᠬᠢ ᠭᠠᠵᠠᠷ ᠳᠡᠭᠡᠷᠡᠬᠢ᠂ ᠭᠠᠵᠠᠷ | ᠳᠣᠣᠷᠠᠬᠢ᠂ ᠤᠰᠤᠨ ᠳᠣᠣᠷᠠᠬᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ᠎ᠠ᠂ | ᠨᠢᠭᠡᠨᠲᠡ ᠬᠢᠨᠠᠨ ᠲᠣᠭᠲᠠᠭᠠᠵᠤ ᠳᠠᠩᠰᠠᠯᠠᠭᠤᠯᠤᠭᠰᠠᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠢ ᠳᠠᠪᠲᠠᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠣᠯᠵᠤ ᠮᠡᠳᠡᠭᠰᠡᠨ ᠰᠢᠯᠵᠢᠭᠦᠯᠵᠦ ᠪᠣᠯᠣᠰᠢ ᠦᠭᠡᠢ | ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠵᠤ᠂ ᠬᠢᠨᠠᠨ ᠲᠣᠭᠲᠠᠭᠠᠵᠤ᠂ ᠳᠠᠩᠰᠠᠯᠠᠨ ᠲᠡᠮᠳᠡᠭᠯᠡᠨ᠎ᠡ᠃ ᠨᠡᠶᠢᠳᠡᠮ | ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ | ᠵᠠᠢ ᠶᠢᠨ ᠣᠷᠣᠨ ᠪᠠᠶᠢᠷᠢ᠂ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ | ᠢᠯᠭᠠᠯ᠂ ᠣᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠶᠢ ᠪᠠᠭᠲᠠᠭᠠᠨ᠎ᠠ᠃ | ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠶᠢ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠡᠶᠢᠳᠡᠮ | ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2024 ᠣᠨ ᠤ 4 ᠰᠠᠷ᠎ᠠ ᠶᠢᠨ 30 ᠤ ᠡᠳᠦᠷ ᠪᠣᠯᠣᠨ᠎ᠠ᠃ 2023 | ᠣᠨ ᠤ 11 ᠰᠠᠷ᠎ᠠ ᠠᠴᠠ 2024 ᠣᠨ ᠤ 4 ᠰᠠᠷ᠎ᠠ ᠪᠤᠯᠲᠠᠯᠠᠭᠢ ᠶᠢ ᠨᠢᠭᠡᠳᠦᠭᠡᠷ ᠱᠠᠲᠤ ᠦᠶ᠎ᠡ ᠪᠤᠯᠭᠠᠵᠤ᠂ ᠭᠤᠣᠯ | ᠡᠭᠦᠷᠭᠡ ᠨᠢ ᠪᠣᠯ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠮᠡᠷᠭᠡᠵᠢᠯ ᠤᠨ | ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠪᠠ ᠵᠥᠭᠡᠯᠡᠨ ᠲᠣᠨᠤᠭ | ᠴᠤᠭᠯᠠᠭᠤᠯᠵᠤ᠂ ᠪᠣᠯᠪᠠᠰᠤᠷᠠᠯ᠂ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠂ 2024 ᠣᠨ ᠤ 5 | ᠰᠠᠷ᠎ᠠ ᠠᠴᠠ 2025 ᠣᠨ ᠤ 5 ᠰᠠᠷ᠎ᠠ ᠪᠤᠯᠳᠠᠯᠠᠭᠢ ᠶᠢ ᠬᠤᠶᠠᠳᠤᠭᠠᠷ ᠱᠠᠲᠤ ᠦᠶ᠎ᠡ ᠪᠤᠯᠭᠠᠵᠤ᠂ ᠭᠤᠣᠯ ᠡᠭᠦᠷᠭᠡ | ᠨᠢ ᠰᠢᠶᠠᠨ ᠤ ᠬᠡᠪᠴᠢᠶ᠎ᠡ ᠪᠠᠷ ᠦᠨᠳᠦᠰᠦᠨ ᠨᠢᠭᠡᠴᠢ ᠪᠤᠯᠭᠠᠵᠤ᠂ ᠲᠤᠬᠠᠢ ᠶᠢᠨ ᠭᠠᠵᠠᠷ ᠲᠤᠨᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠂ 2025 ᠣᠨ ᠤ 6 ᠰᠠᠷ᠎ᠠ ᠠᠴᠠ 2026 ᠣᠨ ᠤ | 6 ᠰᠠᠷ᠎ᠠ ᠪᠤᠯᠲᠠᠯᠠᠭᠢ ᠬᠤᠭᠤᠴᠠᠭ᠎ᠠ ᠪᠣᠯ ᠭᠤᠷᠪᠠᠳᠤᠭᠠᠷ ᠱᠠᠲᠤ ᠦᠶ᠎ᠡ ᠪᠣᠯᠣᠨ᠎ᠠ᠂ ᠭᠤᠣᠯ ᠡᠭᠦᠷᠭᠡ ᠨᠢ ᠪᠣᠯ | ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠬᠢᠨᠠᠨ ᠲᠣᠭᠲᠠᠭᠠᠬᠤ᠂ | ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ | ᠪᠦᠲᠦᠭᠡᠯ ᠢ ᠱᠠᠲᠤ ᠳᠠᠷᠠᠭᠠᠯᠠᠨ ᠰᠢᠯᠭᠠᠨ ᠠᠪᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ | ᠲᠡᠦᠬᠡ ᠶᠢᠨ ᠳᠤᠷᠠᠰᠬᠠᠯᠲᠤ ᠵᠦᠢᠯᠡᠰ ᠢ ᠵᠣᠬᠢᠬᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ | ᠬᠠᠮᠠᠭᠠᠯᠠᠭᠳᠠᠬᠤ ᠨᠢᠭᠡᠴᠢ ᠪᠠᠷ ᠴᠠᠭ ᠲᠤᠬᠠᠢ ᠳᠤᠨᠢ ᠬᠢᠨᠠᠨ ᠲᠣᠭᠲᠠᠭᠠᠵᠤ ᠨᠡᠶᠢᠲᠡᠯᠡᠨ᠎ᠡ᠃ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠬᠤ ᠶᠢᠨ ᠲᠤᠰᠠᠳᠠ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠭᠠᠷᠭᠠᠵᠤ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ | ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠬᠤ ᠬᠡᠷᠡᠭᠲᠡᠢ᠃ ᠡᠯ᠎ᠡ ᠮᠤᠵᠢ ︵ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠭᠤᠣᠯ | ᠴᠣᠭᠴᠠ ᠪᠣᠯᠣᠨ᠎ᠠ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠭᠠᠵᠠᠷ | ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠢ | ᠰᠠᠶᠢᠲᠤᠷ ᠬᠢᠵᠦ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠣᠭᠲᠠᠭᠰᠠᠨ ᠴᠠᠭ ᠲᠠᠭᠠᠨ ᠴᠢᠨᠠᠷ ᠰᠠᠶᠢᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ︽ᠮᠡᠳᠡᠭᠳᠡᠯ︾ ᠳᠤ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠡᠶᠢᠳᠡᠮ | ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠪᠠᠲᠤᠯᠠᠬᠤ | ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ᠂ ᠵᠣᠷᠢᠭᠤᠳᠠ ᠡᠪᠳᠡᠭᠰᠡᠨ᠂ | ᠬᠢᠨᠠᠯᠲᠠ ᠬᠠᠮᠢᠶᠠᠷᠤᠯᠲᠠ ᠰᠤᠯᠠ ᠠᠴᠠ ᠪᠣᠯᠣᠭᠠᠳ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ | ᠵᠦᠢᠯᠡᠰ ᠡᠪᠳᠡᠭᠳᠡᠭᠰᠡᠨ᠂ ᠬᠠᠰᠤᠭᠳᠠᠭᠰᠠᠨ᠂ ᠤᠰᠠᠳᠤᠭᠰᠠᠨ ᠪᠠᠶᠢᠳᠠᠯ ᠢ ᠣᠯᠵᠤ ᠮᠡᠳᠡᠪᠡᠯ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ | ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ | ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |