ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/30
     10 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠭᠠᠶᠢᠯᠢ ᠶᠢ ᠶᠡᠷᠦᠩᠬᠡᠶᠢᠯᠡᠨ ᠵᠠᠰᠠᠬᠤ ᠲᠠᠪᠴᠠᠩ ᠢ ᠪᠠᠶᠢᠭᠤᠯᠬᠤ ᠲᠤᠬᠠᠢ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ︽ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠤᠨ ᠳ᠋ᠦᠩ ᠫᠦᠸᠧ ᠲᠣᠰᠬᠤᠨ ᠤ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠬᠠᠮᠢᠶ᠎ᠠ ᠪᠦᠬᠦᠢ ᠶᠠᠪᠤᠳᠠᠯ ᠢ ᠬᠢᠨᠠᠨ ᠵᠥᠪᠯᠡᠵᠡᠢ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠠᠶᠢᠯᠢ ᠶᠢ ᠶᠡᠷᠦᠩᠬᠡᠶᠢᠯᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠠᠶᠢᠯᠢ ᠶᠢ ᠶᠡᠷᠦᠩᠬᠡᠶᠢᠯᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠢ ᠬᠥᠮᠥᠨ ᠲᠤᠰᠬᠠᠢ ᠠᠩᠭᠢ ᠶᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠢ᠃      ᠬᠤᠷᠠᠯ ᠠᠴᠠ᠂ ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠤᠨ ᠳ᠋ᠦᠩ ᠫᠦᠸᠧ ᠲᠣᠰᠬᠤᠨ ᠳᠤ ᠡᠯᠪᠡᠭ ᠪᠠᠶᠠᠯᠢᠭ ᠬᠤᠪᠢᠰᠬᠠᠯ ᠤᠨ ᠡᠬᠢ ᠪᠠᠶᠠᠯᠢᠭ ᠲᠠᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠷᠢᠳᠠᠪᠠᠷ ᠲᠥᠯᠥᠪᠵᠢᠭᠦᠯᠬᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠤ ᠲᠤᠷᠰᠢᠯᠲᠠ ᠶᠢᠨ ᠲᠣᠰᠬᠤᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠤᠭᠠᠴᠠᠯ ᠵᠡᠷᠭᠡ ᠲᠠᠢ ᠭᠦᠨᠵᠡᠭᠡᠢ ᠠᠭᠤᠰᠤᠯᠴᠠᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号