ᠬᠠᠳᠠ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠠ
ᠨᠡᠶᠢᠲᠡᠯᠡᠭᠰᠡᠨ ᠴᠠᠭ᠄
2023/10/30
     10 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ︽ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠡᠵᠡᠮᠳᠡᠵᠦ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ ᠦᠢᠯᠡᠳᠦᠯᠭᠡ ᠶᠢ ᠵᠢᠯᠣᠭᠤᠳᠤᠭᠤᠯᠵᠤ᠂ ᠥᠴᠥᠬᠡᠨ ᠴᠦ ᠬᠤᠶᠢᠷᠭᠤᠰᠢᠬᠤ ᠦᠭᠡᠢ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠶ᠎ᠠ︾ ᠭᠡᠬᠦ ᠰᠡᠳᠦᠪ ᠢᠶᠠᠷ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠠ᠃      ᠲᠡᠷᠡ ᠬᠡᠯᠡᠬᠦ ᠳᠡᠭᠡᠨ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠪ ᠬᠠᠮᠲᠤᠴᠤᠳ ᠤᠨ ᠤᠯᠤᠰ ᠲᠦᠷᠦ ᠶᠢᠨ ᠮᠥᠨ ᠴᠢᠨᠠᠷ ᠢᠶᠠᠨ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠪᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠰᠣᠷᠣᠭᠰᠠᠨ ᠢᠶᠠᠨ ᠬᠡᠷᠡᠭᠯᠡᠬᠦ ᠳᠤᠮᠳᠠ ᠰᠢᠨ᠎ᠡ ᠭᠠᠪᠢᠶ᠎ᠠ ᠪᠠᠶᠢᠭᠤᠯᠵᠤ᠂ ᠰᠢᠨ᠎ᠡ ᠦᠢᠯᠡᠰ ᠪᠦᠲᠦᠭᠡᠬᠦ ᠬᠡᠷᠡᠭᠲᠡᠢ᠃ ︽ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠬᠤ︾ ᠡᠨᠡᠬᠦ ᠦᠨᠳᠦᠰᠦᠨ ᠡᠭᠦᠷᠭᠡ ᠶᠢ ᠴᠢᠩᠭ᠎ᠠ ᠲᠣᠭᠲᠠᠭᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃      ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ ᠰᠢᠨᠵᠢᠯᠡᠬᠦ ᠤᠬᠠᠭᠠᠨᠴᠢ ᠤᠨᠤᠯ ᠢᠶᠠᠷ ᠦᠢᠯᠡᠳᠦᠯᠭᠡ ᠪᠠᠨ ᠵᠢᠯᠣᠭᠤᠳᠤᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠰᠠᠶᠢᠲᠤᠷ ᠪᠢᠴᠢᠬᠦ ᠶᠢ ᠠᠬᠢᠭᠤᠯᠬᠤ ᠬᠡᠷᠡᠭᠲᠡᠢ᠃ ᠥᠴᠥᠬᠡᠨ ᠴᠦ ᠴᠠᠯᠠᠭᠠᠶᠢᠷᠠᠯ ᠦᠭᠡᠢ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠰᠠᠯᠠᠭ᠎ᠠ ᠮᠥᠴᠢᠷ ᠤᠨ ᠬᠢᠨ ᠴᠤᠭ ᠰᠦᠯᠳᠡ ᠪᠠᠨ ᠪᠠᠳᠠᠷᠠᠭᠤᠯᠵᠤ᠂ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠰᠡᠳᠬᠢᠯ ᠲᠠᠯᠪᠢᠨ ᠬᠦᠴᠦ ᠲᠠᠯᠪᠢᠨ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠦᠢᠯᠡᠴᠢᠯᠡᠭᠡ ᠪᠠᠨ ᠳᠡᠭᠡᠭᠰᠢᠯᠡᠭᠦᠯᠵᠦ᠂ ᠰᠤᠷᠲᠠᠯ ᠢᠶᠠᠨ ᠴᠡᠭᠴᠡᠯᠡᠨ ᠵᠠᠰᠠᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠤᠶᠤᠨ ᠰᠠᠨᠠᠭ᠎ᠠ ᠬᠤᠶᠢᠷᠭᠤᠰᠢᠬᠤ᠂ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠦᠭᠡᠢ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠨᠢ ᠴᠤᠯᠭᠤᠢ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠬᠠᠨᠳᠤᠬᠤ ᠣᠪᠣᠷ ᠨᠢ ᠬᠠᠲᠠᠭᠤ ᠴᠢᠩᠭ᠎ᠠ᠂ ᠦᠢᠯᠡᠴᠢᠯᠡᠭᠡ ᠨᠢ ᠰᠠᠶᠢᠨ ᠪᠢᠰᠢ ᠵᠡᠷᠭᠡ ᠠᠰᠠᠭᠤᠳᠠᠯ ᠢ ᠦᠨᠡᠨᠬᠦ ᠲᠡᠪᠴᠢᠵᠦ᠂ ᠠᠷᠢᠭᠤᠨ ᠴᠢᠬᠡᠴᠢ ᠪᠠᠷ ᠠᠵᠢᠯᠯᠠᠵᠤ᠂ ᠠᠷᠢᠭᠤᠨ ᠴᠢᠬᠡᠴᠢ ᠪᠠᠷ ᠬᠥᠮᠥᠨ ᠪᠣᠯᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠦᠨᠡᠨᠬᠦ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号