ᠪᠦᠭᠦ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠳᠠ 135.6 ᠳ᠋ᠦᠡᠭᠰᠢᠭᠤᠷ ᠲᠥᠭᠦᠷᠢᠭ ᠲᠤ ᠭᠦᠷᠪᠡ
ᠨᠡᠶᠢᠲᠡᠯᠡᠭᠰᠡᠨ ᠴᠠᠭ᠄
2023/10/30
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ ᠮᠠᠨ ᠤ ᠣᠷᠣᠨ ᠨᠡᠶᠢᠲᠡ 135.64 ᠳ᠋ᠦᠩᠰᠢᠭᠤᠷ ᠲᠥᠭᠦᠷᠢᠭ ᠤᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠡ ᠶᠢᠨ 67.8% ᠶᠢ ᠡᠵᠡᠯᠡᠨ᠂ ᠪᠡᠯᠡ ᠤᠷᠤᠭᠤᠯᠤᠯᠲᠠ ᠶᠢᠨ ᠬᠡᠮᠵᠢᠶ᠎ᠡ ᠨᠢ ᠨᠢᠳᠤᠨᠤᠨ ᠤ ᠪᠦᠭᠦ ᠵᠢᠯ ᠤᠨ ᠪᠡᠯᠡ ᠤᠷᠤᠭᠤᠯᠤᠯᠲᠠ  ᠶᠢᠨ ᠶᠡᠷᠦᠩᠬᠡᠢ ᠬᠡᠮᠵᠢᠶ᠎ᠡ ᠲᠠᠢ ᠦᠨᠳᠦᠰᠦᠨ ᠳᠡᠭᠡᠨ ᠲᠡᠩᠴᠡᠪᠡ᠃      ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ ᠤ ᠣᠷᠣᠨ ᠲᠥᠪ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠴᠢᠷᠮᠠᠶᠢᠨ ᠣᠯᠬᠤ ᠶᠢᠨ ᠬᠠᠮᠲᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ  ᠤᠨ ᠵᠢᠭᠡᠯᠡᠯᠭᠡ ᠶᠢᠨ ᠲᠡᠮᠳᠡᠭᠲᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠯᠲᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠣᠯᠣᠨ ᠨᠡᠶᠢᠭᠡᠮ ᠤᠨ ᠬᠥᠷᠥᠩᠭᠡ ᠶᠢ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠪᠠ᠃ 9 ᠰᠠᠷ᠎ᠠ  ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠢᠶᠠᠷ ᠢᠶᠠᠨ ᠲᠥᠪ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠨᠡᠶᠢᠲᠡ 44.76 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠨᠢᠳᠤᠨᠤᠨ ᠤ ᠠᠳᠠᠯᠢ ᠬᠤᠭᠤᠴᠠᠭᠠᠨ ᠤ ᠬᠢ  ᠠᠴᠠ 5.2% ᠢᠶᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠪᠣᠯᠣᠨ ᠠᠶᠢᠮᠠᠭ ᠬᠤᠲᠠ᠂ ᠬᠤᠰᠢᠭᠤ ᠰᠢᠶᠠᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠡᠶᠢᠳᠡ 41.21 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 34.9% ᠪᠠᠷ ᠨᠡᠮᠡᠭᠳᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠪᠣᠯᠣᠨ ᠡᠩ ᠤᠨ ᠵᠢᠭᠡᠯᠡᠯᠭᠡ ᠶᠢᠨ ᠲᠡᠮᠳᠡᠭᠲᠦ ᠶᠢ ᠨᠡᠶᠢᠳᠡ 27.32 ᠳ᠋ᠦᠩᠰᠢᠭᠤᠷ ᠲᠥᠭᠦᠷᠢᠭ ᠠᠰᠢᠭᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 47% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号