ᠮᠠᠨ ᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ 4510 ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠵᠠᠢ
ᠨᠡᠶᠢᠲᠡᠯᠡᠭᠰᠡᠨ ᠴᠠᠭ᠄
2023/10/30
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠡᠷᠭᠢᠯᠡᠭᠦ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠬᠡᠨ ᠣᠶᠢᠯᠠᠭᠠᠭᠰᠠᠨ ᠢᠶᠠᠷ᠂ ᠮᠠᠨ ᠤ ᠣᠷᠣᠨ ᠤ 768 ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠪᠦᠭᠦ ᠤᠯᠤᠰ ᠤᠨ ᠭᠤᠷᠪᠠᠳᠤᠭᠠᠷ ᠪᠦᠯᠦᠭ ᠤᠨ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠤᠭᠰᠠᠨ ᠨᠢᠭᠡᠴᠢ ᠳᠤ ᠠᠮᠵᠢᠯᠲᠠ ᠲᠠᠢ ᠰᠣᠩᠭᠤᠭᠳᠠᠪᠠ᠃ ᠣᠳᠣᠬᠠᠨ ᠪᠤᠯᠲᠠᠯ᠎ᠠ᠂ ᠪᠦᠭᠦ ᠣᠷᠣᠨ ᠳᠤ ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ 4510 ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠵᠤ᠂ ᠡᠭᠦᠳᠦᠨ ᠪᠠᠶᠢᠭᠤᠯᠤᠭᠰᠠᠨ ᠨᠣᠷᠮ᠎ᠠ ᠨᠢ 73.7% ᠳᠤ ᠬᠦᠷᠴᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠢ 74᠂ ᠠᠶᠢᠮᠠᠭ ᠬᠤᠲᠠ ᠶᠢᠨ ᠱᠠᠲᠤᠨ ᠤ ᠬᠢ 573᠂ ᠬᠤᠰᠢᠭᠤ ᠰᠢᠶᠠᠨ ᠤ ᠱᠠᠲᠤᠨ ᠤ ᠬᠢ 3863 ᠪᠠᠶᠢᠵᠤ᠂ ᠤᠯᠤᠰ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠡᠷᠭᠢᠯᠡᠭᠦ ᠬᠠᠮᠢᠶᠠᠷᠤᠯᠲᠠ ᠶᠢᠨ ᠲᠣᠪᠴᠢᠶ᠎ᠠ ᠨᠡᠶᠢᠲᠡ 1370 ᠲᠦᠮᠡᠨ ᠲᠥᠭᠦᠷᠢᠭ ᠤᠨ ᠲᠤᠰᠬᠠᠢ ᠵᠦᠢᠯ ᠤᠨ ᠪᠡᠯᠡ ᠮᠥᠩᠭᠦ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠦᠨ ᠪᠠᠶᠢᠭᠤᠯᠬᠤ ᠨᠢᠭᠡᠴᠢ ᠶᠢᠨ ᠰᠠᠭᠤᠷᠢ ᠴᠢᠨᠠᠷᠲᠠᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠳᠡᠮᠵᠢᠵᠦ᠂ ᠠᠶᠢᠮᠠᠭ ᠬᠤᠲᠠ ᠶᠢᠨ ᠬᠢᠨ ᠬᠠᠷᠢᠯᠴᠠᠨ ᠦᠨᠡᠯᠡᠬᠦ᠂ ᠮᠤᠵᠢ ᠣᠷᠣᠨ ᠤ ᠬᠢᠨ ᠬᠠᠷᠢᠯᠴᠠᠨ ᠬᠢᠨᠠᠬᠤ ᠠᠵᠢᠯ ᠤᠨ ᠲᠣᠭᠲᠠᠴᠠ ᠶᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ ᠡᠨᠧᠷᠭᠢ ᠠᠷᠪᠢᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠦᠭᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢ ᠵᠢᠯᠣᠭᠤᠳᠤᠨ ᠳᠠᠶᠢᠴᠢᠯᠠᠵᠤ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠪᠠ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠳᠤᠮᠳᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠭᠦ ᠶᠢ ᠨᠡᠯᠢᠶᠡᠳ ᠰᠠᠶᠢᠨ ᠠᠬᠢᠭᠤᠯᠪᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠡᠷᠭᠢᠯᠡᠭᠦ ᠬᠠᠮᠢᠶᠠᠷᠤᠯᠲᠠ ᠶᠢᠨ ᠲᠣᠪᠴᠢᠶ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠪᠦᠭᠦ ᠣᠷᠣᠨ ᠤ ᠪᠠᠶᠢᠭᠤᠯᠤᠭᠰᠠᠨ ᠨᠢᠭᠡᠴᠢ ᠳᠤ ︽ᠡᠷᠭᠢᠨ ᠬᠠᠷᠠᠬᠤ︾ ᠦᠨᠡᠯᠡᠯᠲᠡ ᠬᠢᠵᠦ᠂ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号