ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠭᠤᠷᠪᠠᠨ ᠲᠣᠪᠣᠶᠢᠮ᠎ᠠ ᠣᠨᠴᠠᠯᠢᠭ ᠢᠯᠡᠷᠡᠪᠡ
ᠨᠡᠶᠢᠲᠡᠯᠡᠭᠰᠡᠨ ᠴᠠᠭ᠄
2023/10/30
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠳᠤ ︽ᠲᠣᠭᠲᠠᠭᠤᠨ ᠪᠥᠭᠡᠳ ᠤᠶᠠᠨ ᠬᠠᠳᠠᠨ ᠴᠢᠨᠠᠷ ᠲᠠᠢ᠂ ᠤᠷᠤᠭᠰᠢᠯᠠᠨ ᠳᠠᠪᠰᠢᠬᠤ ᠳᠤᠮᠳᠠ ᠳᠠᠪᠠᠭᠤᠯᠢᠭ ᠢᠶᠠᠨ ᠢᠯᠡᠷᠡᠭᠦᠯᠦᠭᠰᠡᠨ᠂ ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠤᠯᠠᠮ ᠨᠢᠭᠡ ᠠᠯᠬᠤᠮ ᠪᠠᠬᠢᠵᠢᠭᠦᠯᠦᠭᠰᠡᠨ︾ ᠭᠤᠷᠪᠠᠨ ᠲᠣᠪᠣᠶᠢᠮ᠎ᠠ ᠣᠨᠴᠠᠯᠢᠭ ᠢᠯᠡᠷᠡᠭᠰᠡᠨ ᠪᠠᠶᠢᠨ᠎ᠠ᠃      ︽ᠲᠣᠭᠲᠠᠭᠤᠨ ᠪᠥᠭᠡᠳ ᠤᠶᠠᠨ ᠬᠠᠳᠠᠨ ᠴᠢᠨᠠᠷ ᠲᠠᠢ︾ ᠨᠢ ᠭᠤᠣᠯᠳᠠᠭᠤ ᠠᠵᠤ ᠦᠢᠯᠡᠰ ᠤᠨ ᠰᠠᠭᠤᠷᠢ ᠲᠣᠭᠲᠠᠭᠤᠨ ᠪᠥᠭᠡᠳ ᠭᠦᠢᠴᠡᠳ ᠤᠶᠠᠨ ᠬᠠᠳᠠᠨ ᠴᠢᠨᠠᠷ ᠲᠠᠢ ᠪᠠᠶᠢᠬᠤ ᠳᠡᠭᠡᠷ᠎ᠡ ᠢᠯᠡᠷᠡᠵᠦ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠬᠠᠮᠵᠢᠯᠴᠠᠨ ᠬᠥᠭᠵᠢᠵᠦ᠂ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠣᠭᠲᠠᠭᠤᠨ᠂ ᠠᠵᠤ ᠦᠢᠯᠡᠳᠪᠦᠷᠢ ᠶᠢᠨ ᠲᠤᠯᠭᠠᠭᠤᠷᠢᠯᠠᠯ ᠲᠣᠭᠲᠠᠭᠤᠨ ᠪᠠᠶᠢᠵᠤ᠂ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠰᠡᠷᠭᠦᠨ᠂ ᠮᠠᠯ ᠠᠵᠤ ᠠᠬᠤᠢ ᠲᠠᠷᠢᠶᠠᠯᠠᠩ ᠤᠢ ᠰᠢᠭᠤᠢ ᠵᠢᠭᠠᠰᠤᠨ ᠤ ᠠᠵᠤ ᠦᠢᠯᠡᠰ ᠤᠨ ᠨᠡᠮᠡᠭᠳᠡᠯ ᠦᠷᠳᠡᠭ 7.4% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠦᠭᠦ ᠣᠷᠣᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠲᠠᠬᠢ ᠬᠤᠪᠢ ᠶᠢᠨ ᠵᠢᠩ 41.7% ᠬᠦᠷᠴᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠬᠤᠪᠢ ᠨᠡᠮᠡᠷᠢ 36.1% ᠳᠤ ᠭᠦᠷᠪᠡ᠃ ᠪᠦᠭᠦ ᠣᠷᠣᠨ ᠤ ᠰᠣᠶᠣᠯ ᠵᠢᠭᠤᠯᠴᠢᠯᠠᠯ ᠤᠨ ᠦᠢᠯᠡᠰ ᠲᠦᠷᠭᠡᠨ ᠰᠡᠷᠭᠦᠵᠦ᠂ ᠭᠥᠯᠢᠶᠡᠨ ᠠᠪᠤᠭᠰᠠᠨ ᠵᠢᠭᠤᠯᠴᠢᠯᠠᠬᠰᠠᠳ ᠤᠨ ᠲᠤᠭ᠎ᠠ ᠬᠢᠵᠢᠭ ᠠᠴᠠ ᠡᠮᠦᠨᠡᠬᠢ ᠦᠶ᠎ᠡ ᠶᠢᠨ ᠬᠢ ᠠᠴᠠ ᠳᠠᠪᠠᠵᠠᠢ᠃ 1 - 8 ᠰᠠᠷ᠎ᠠ ᠳᠤ᠂ ᠪᠦᠭᠦ ᠣᠷᠣᠨ ᠤ 10 ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠨᠡᠮᠡᠭᠳᠡᠬᠦ ᠶᠢ ᠪᠡᠶᠡᠯᠡᠭᠦᠯᠵᠦ᠂ 4 ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃      ︽ᠤᠷᠤᠭᠰᠢᠯᠠᠨ ᠳᠠᠪᠰᠢᠬᠤ ᠳᠤᠮᠳᠠ ᠳᠠᠪᠠᠭᠤᠯᠢᠭ ᠢᠶᠠᠨ ᠢᠯᠡᠷᠡᠭᠦᠯᠦᠭᠰᠡᠨ︾ ᠨᠢ ᠭᠤᠣᠯᠳᠠᠭᠤ ᠣᠷᠣᠨ ᠳᠠᠶᠠᠭᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠣᠯᠣᠭᠰᠠᠨ ᠳᠡᠭᠡᠷ᠎ᠡ ᠢᠯᠡᠷᠡᠵᠦ ᠪᠠᠶᠢᠨ᠎ᠠ᠃ ︽ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢᠨ ᠬᠤᠪᠢ ᠳᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠡᠷᠴᠢᠮᠲᠡᠢ ᠶᠠᠪᠤᠭᠳᠠᠵᠤ᠂ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ  ᠤᠨ ᠦᠷ᠎ᠡ ᠠᠰᠢᠭ ᠨᠡᠮᠡᠭᠳᠡᠨ᠂ ᠰᠢᠨ᠎ᠡ ᠡᠨᠧᠷᠭᠢ ᠶᠢᠨ ᠠᠵᠤ ᠦᠢᠯᠡᠰ ᠲᠦᠷᠭᠡᠨ ᠬᠥᠭᠵᠢᠵᠡᠢ᠃ ᠡᠨᠧᠷᠭᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠪᠣᠯᠣᠨ ᠬᠤᠪᠣᠷ ᠰᠢᠷᠣᠢ ᠶᠢᠨ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ  ᠲᠠᠬᠢ ᠬᠤᠪᠢ ᠶᠢᠨ ᠵᠢᠩ 60% ᠶᠢ ᠳᠠᠪᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠭᠦ ᠬᠤᠪᠢ ᠨᠡᠮᠡᠷᠢ ᠨᠢ 48.4% ᠳᠤ ᠭᠦᠷᠪᠠ᠃ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 7232 ᠲᠦᠮᠡᠨ ᠺᠢᠯᠣᠸᠠᠲ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.1% ᠪᠠᠷ ᠨᠡᠮᠡᠭᠳᠡᠨ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ  ᠶᠢᠨ 37.6% ᠶᠢ ᠡᠵᠡᠯᠡᠬᠦ ᠪᠤᠯᠪᠠ᠂  ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠴᠠᠭᠢᠯᠭᠠᠨ ᠭᠠᠷᠭᠠᠯᠲᠠ ᠶᠢᠨ ᠬᠡᠮᠵᠢᠶ᠎ᠡ 1059.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠨ᠂ ᠪᠦᠭᠦ ᠴᠠᠭᠢᠯᠭᠠᠨ ᠭᠠᠷᠭᠠᠯᠲᠠ ᠶᠢᠨ 19.5% ᠶᠢ ᠡᠵᠡᠯᠡᠵᠡᠢ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ  ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠲᠦᠷᠭᠡᠨ ᠪᠥᠭᠡᠳ ᠯᠠᠪᠳᠠᠭᠤᠨ ᠢᠶᠠᠷ ᠠᠬᠢᠵᠤ᠂ ᠪᠦᠭᠦ ᠣᠷᠣᠨ ᠤ ᠦᠬᠡᠷ ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠴᠥᠮ ᠲᠣᠭᠲᠠᠭᠤᠨ ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.4%  ᠪᠠᠷ ᠨᠡᠮᠡᠭᠳᠡᠵᠦ᠂ 6 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠭᠰᠠᠨ ᠪᠠᠶᠢᠨ᠎ᠠ᠃      ︽ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠤᠯᠠᠮ ᠨᠢᠭᠡ ᠠᠯᠬᠤᠮ ᠪᠠᠬᠢᠵᠢᠭᠦᠯᠦᠭᠰᠡᠨ︾ ᠨᠢ ᠭᠤᠣᠯᠳᠠᠭᠤ ᠠᠵᠤ ᠠᠬᠤᠢ ᠶᠢᠨ ᠦᠨᠳᠦᠰᠦᠨ ᠪᠠᠶᠢᠳᠠᠯ ᠪᠠᠬᠢᠵᠢᠭ᠍ᠰᠡᠨ᠂ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ ᠤᠨ ᠬᠠᠨᠳᠤᠰᠢ ᠦᠷᠭᠦᠯᠵᠢᠯᠡᠨ ᠪᠠᠬᠢᠵᠢᠭ᠍ᠰᠡᠨ᠂ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠠᠨᠳᠤᠰᠢ ᠦᠷᠭᠦᠯᠵᠢᠯᠡᠨ ᠪᠠᠬᠢᠵᠢᠭ᠍ᠰᠡᠨ ᠵᠡᠷᠭᠡ ᠭᠤᠷᠪᠠᠨ ᠲᠠᠯ᠎ᠠ ᠳᠡᠭᠡᠷ᠎ᠡ ᠢᠯᠡᠷᠡᠵᠦ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ 16882 ᠳ᠋ᠦᠩᠰᠢᠭᠤᠷ ᠲᠥᠭᠦᠷᠢᠭ ᠬᠦᠷᠴᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠪᠠ᠃ ᠪᠦᠭᠦ ᠣᠷᠣᠨ ᠤ ᠪᠡᠯᠡ ᠤᠷᠤᠭᠤᠯᠤᠯᠳᠠ  ᠶᠢᠨ ᠨᠡᠮᠡᠭᠳᠡᠯ ᠤᠨ ᠬᠤᠷᠳᠤᠴᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.3 ᠬᠤᠪᠢ ᠳᠠᠪᠠᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠤᠭ᠎ᠠ 23% ᠪᠠᠷ ᠨᠡᠮᠡᠭᠳᠡᠵᠡᠢ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ  ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠣᠨᠣᠭᠯᠠᠯ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠪᠦᠷ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠮᠡᠳᠡᠭᠡ ᠵᠠᠩᠭᠢ ᠳᠠᠮᠵᠢᠭᠤᠯᠬᠤ᠂ ᠰᠣᠹᠲ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 2 ᠬᠤᠪᠢ ᠲᠦᠷᠭᠡᠳᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠪᠦᠭᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 49.7 ᠬᠤᠪᠢ ᠲᠦᠷᠭᠡᠨ ᠪᠠᠶᠢᠵᠤ᠂ ᠪᠡᠯᠡ ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠭᠦ ᠦᠢᠯᠡᠳᠦᠯ  ᠢ ᠪᠦᠲᠦᠮᠵᠢᠲᠡᠢ ᠪᠠᠳᠠᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号