ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/30
     ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ᠢ ᠬᠢᠨᠠᠨ ᠵᠥᠪᠯᠡᠵᠡᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ      ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 10 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃      ᠬᠤᠷᠠᠯ ᠠᠴᠠ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ᠂ ᠠᠵᠤ ᠦᠢᠯᠡᠰ ᠤᠨ ᠰᠠᠭᠤᠷᠢ ᠨᠡᠯᠢᠶᠡᠳ ᠵᠤᠵᠠᠭᠠᠨ᠂ ᠣᠷᠣᠨ ᠪᠠᠶᠢᠷᠢ ᠶᠢᠨ ᠳᠠᠪᠠᠭᠤᠯᠢᠭ ᠣᠨᠴᠠᠭᠠᠢ᠂ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ ᠪᠠᠶᠢᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠪᠠᠶᠢᠳᠠᠭ᠃ ᠡᠨᠡ ᠵᠢᠯ ᠪᠣᠯ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 20 ᠵᠢᠯ ᠤᠨ ᠤᠢ ᠪᠣᠯᠣᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ᠂ ᠠᠯᠢ ᠤᠯᠠᠨ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠨᠢ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠵᠡᠭᠦᠨ ᠬᠤᠶᠢᠲᠤ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠡᠭᠦᠨ ᠬᠤᠶᠢᠲᠤ ᠣᠷᠣᠨ ᠤ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠡᠭᠦᠨ ᠬᠤᠶᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠮᠵᠢᠯᠠᠯᠲᠤ ᠦᠢᠯᠡᠳᠬᠦ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠴᠢᠩᠭᠠᠳᠬᠠᠬᠤ ᠬᠡᠷᠡᠭᠲᠡᠢ᠃ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠨ᠎ᠠ᠂ ᠤᠢ ᠰᠢᠭᠤᠢ ᠶᠢ ᠬᠠᠮᠠᠭᠠᠯᠠᠬᠤ ᠪᠣᠯ ᠳᠠᠷᠤᠢ ᠡᠳ᠋ ᠪᠠᠶᠠᠯᠢᠭ ᠢᠶᠠᠨ ᠬᠠᠮᠠᠭᠠᠯᠠᠵᠤ ᠪᠠᠶᠢᠨ᠎ᠠ ᠭᠡᠬᠦ ᠣᠶᠢᠯᠠᠭᠠᠭᠳᠠᠬᠤᠨ ᠢ ᠪᠤᠢ ᠪᠤᠯᠭᠠᠵᠤ᠂ ᠤᠢ ᠳᠣᠲᠣᠷᠠᠬᠢ ᠠᠵᠤ ᠠᠬᠤᠢ᠂ ᠮᠥᠰᠥ ᠴᠠᠰᠤᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃      ᠰᠠᠯᠬᠢᠨ ᠬᠦᠴᠦ ᠪᠠᠷ ᠴᠠᠭᠢᠯᠭᠠᠨ ᠭᠠᠷᠭᠠᠬᠤ᠂ ᠭᠡᠷᠡᠯ ᠴᠠᠭᠢᠯᠭᠠᠨ᠂ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢ ᠲᠦᠷᠭᠡᠳᠬᠡᠨ ᠬᠥᠭᠵᠢᠭᠦᠯᠵᠦ᠂ ᠰᠠᠯᠬᠢ ᠭᠡᠷᠡᠯ ᠢᠯᠴᠢ ᠴᠥᠮ᠎ᠡ ᠶᠢᠨ ᠬᠠᠳᠠᠭᠠᠯᠠᠯᠲᠠ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ᠃ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠵᠡᠭᠦᠨ ᠬᠤᠶᠢᠲᠤ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠭᠦ ᠶᠠᠪᠤᠴᠠ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠵᠡᠭᠦᠨ ᠬᠤᠶᠢᠲᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠠᠮᠢ ᠠᠬᠤᠢ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠢᠨ᠎ᠡ ᠰᠤᠷᠲᠠᠯ ᠲᠥᠪ ᠰᠤᠷᠲᠠᠯ ᠢᠶᠠᠷ ᠬᠥᠭᠵᠢᠯᠲᠡ ᠶᠢᠨ ᠢᠲᠡᠭᠡᠯ ᠢ ᠬᠥᠭᠵᠢᠭᠡᠬᠦ ᠬᠡᠷᠡᠭᠲᠡᠢ᠃ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠡᠶᠢᠲᠡᠯᠢᠭ ᠴᠢᠨᠠᠷᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ ᠥᠪᠡᠷᠮᠢᠴᠡ ᠳᠠᠪᠠᠭᠤᠯᠢᠭ ᠢᠶᠠᠨ ᠴᠤ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠨᠳᠤᠯᠭᠠᠲᠤ ᠴᠢᠨᠠᠷ ᠢᠶᠠᠷ ᠴᠢᠩᠭ᠎ᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠲᠣᠭᠲᠠᠭᠠᠵᠤ᠂ ᠵᠣᠬᠢᠴᠠᠭᠤᠯᠤᠨ ᠦᠢᠯᠡᠴᠢᠯᠡᠬᠦ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠮᠥᠷᠳᠡᠨ ᠰᠢᠨ᠎ᠡ ᠪᠠᠶᠢᠳᠠᠯ ᠢ ᠰᠤᠳᠤᠯᠵᠤ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号