ᠦᠴᠦᠸᠠᠨ ᠰᠢᠶᠠᠨ ᠢᠳᠡᠭᠡᠨ ᠤ ᠠᠮᠤᠷ ᠲᠦᠪᠰᠢᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/31
     10 ᠰᠠᠷ᠎ᠠ ᠶᠢᠨ 30 ᠤ ᠦᠳᠡ ᠶᠢᠨ ᠡᠮᠦᠨ᠎ᠡ ᠦᠴᠦᠸᠠᠨ ᠰᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠦᠴᠦᠸᠠᠨ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠰᠥᠩ ᠵᠢᠶᠠᠨ ᠴᠢᠶᠣᠤ ᠡᠷᠭᠢᠯᠡᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠦᠢ ᠵᠧᠨ ᠬᠤᠸᠠ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠦᠴᠦᠸᠠᠨ ᠰᠢᠶᠠᠨ ᠤ ᠬᠤᠳᠠᠯᠳᠤᠭᠠᠨ ᠤ ᠶᠠᠪᠤᠳᠠᠯ ᠪᠠ ᠪᠡᠯᠡ ᠣᠷᠤᠭᠤᠯᠤᠯᠲᠠ ᠶᠢ ᠠᠬᠢᠭᠤᠯᠬᠤ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃
     ᠬᠤᠷᠠᠯ ᠠᠴᠠ ︽ᠬᠥᠬᠡᠬᠤᠲᠠ ᠶᠢᠨ 2023 ᠣᠨ ᠤ ᠬᠤᠰᠢᠭᠤ ᠰᠢᠶᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠯᠡᠨ ᠬᠢᠨᠠᠨ ᠰᠢᠯᠭᠠᠬᠤ ᠲᠥᠰᠥᠯ︾ ᠤᠨ ᠱᠠᠭᠠᠷᠳᠠᠯᠭ᠎ᠠ ᠶᠢ ᠤᠯᠠᠮᠵᠢᠯᠠᠵᠤ᠂ ︽ᠦᠴᠦᠸᠠᠨ ᠰᠢᠶᠠᠨ ᠤ ᠢᠳᠡᠭᠡᠨ ᠤ ᠠᠮᠤᠷ ᠲᠦᠪᠰᠢᠨ ᠤ ᠵᠢᠯ ᠤᠨ ᠡᠴᠦᠰ ᠤᠨ ᠬᠢᠨᠠᠨ ᠰᠢᠯᠭᠠᠬᠤ ᠡᠭᠦᠷᠭᠡ ᠶᠢᠨ ᠨᠠᠷᠢᠨ ᠳᠠᠩᠰᠠ︾  ᠶᠢ ᠲᠠᠷᠬᠠᠭᠠᠪᠠ︔ 2023 ᠣᠨ ᠤ ᠢᠳᠡᠭᠡᠨ ᠤ ᠠᠮᠤᠷ ᠲᠦᠪᠰᠢᠨ ᠤ ᠬᠢᠨᠠᠨ ᠰᠢᠯᠭᠠᠯᠲᠠ ᠶᠢᠨ ᠠᠵᠢᠯ ᠳᠤ ᠰᠠᠨᠠᠭᠤᠯᠤᠮᠵᠢ ᠥᠭᠴᠦ᠂ ᠰᠢᠶᠠᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ᠶᠢᠨ ᠬᠢᠨ ᠣᠳᠣᠬᠠᠨ ᠤ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠦᠴᠦᠲᠡᠢ ᠨᠠᠶᠢᠳᠠᠪᠤᠷᠢᠵᠢᠭᠤᠯᠬᠤ ᠶᠢᠨ ᠬᠠᠮᠲᠤ 2023 ᠣᠨ ᠤ ᠢᠳᠡᠭᠡᠨ ᠤ ᠠᠮᠤᠷ ᠲᠦᠪᠰᠢᠨ ᠤ ᠬᠢᠨᠠᠨ ᠦᠨᠡᠯᠡᠯᠲᠡ ᠬᠢᠨᠠᠨ ᠰᠢᠯᠭᠠᠯᠲᠠ ᠶᠢ ᠤᠭᠲᠤᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠦᠢ ᠵᠧᠨ ᠬᠤᠸᠠ ᠴᠢᠬᠤᠯᠠᠴᠢᠯᠠᠬᠤ ᠳᠠᠭᠠᠨ᠂ ᠢᠳᠡᠭᠡᠨ ᠤ ᠠᠮᠤᠷ ᠲᠦᠪᠰᠢᠨ ᠤ ᠠᠵᠢᠯ ᠪᠣᠯ ᠠᠷᠠᠳ ᠤᠨ ᠠᠮᠢᠳᠤᠷᠠᠯ ᠤᠨ ᠴᠢᠬᠤᠯᠠ ᠠᠵᠢᠯ ᠮᠥᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠣᠭᠲᠠᠭᠠᠭᠰᠠᠨ 2023 ᠣᠨ ᠤ ᠭᠤᠣᠯᠳᠠᠯᠭ᠎ᠠ ᠲᠠᠢ ᠠᠵᠢᠯ ᠮᠥᠨ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠦᠨᠳᠦᠰᠦᠨ ᠴᠢᠨᠠᠷᠲᠠᠢ ᠠᠵᠢᠯ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号