ᠰᠢᠶᠠᠨ ᠤ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2023/10/31
     10 ᠰᠠᠷ᠎ᠠ ᠶᠢᠨ 28 ᠠᠴᠠ 29 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠳᠥᠷᠪᠡᠨ ᠶᠡᠭᠡ ᠪᠠᠭ ᠤᠨ ᠪᠦᠬᠦ ᠭᠠᠵᠠᠷ ᠤᠨ ᠳᠡᠰ ᠤᠨ ᠤᠳᠤᠷᠢᠳᠤᠯᠭ᠎ᠠ ᠶᠢ ᠵᠣᠬᠢᠶᠠᠨ ᠪᠠᠶᠢᠭᠤᠯᠵᠤ᠂ ᠰᠢᠶᠠᠨ ᠤ ᠰᠢᠭᠦᠬᠦ ᠬᠤᠷᠢᠶᠠᠨ ᠤ ᠳᠠᠷᠤᠭ᠎ᠠ᠂ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠰᠣᠯᠢᠯᠴᠠᠨ ᠰᠤᠳᠤᠯᠤᠨ ᠶᠠᠷᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃      ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠨᠣᠮ ᠤᠩᠰᠢᠬᠤ᠂ ᠰᠣᠯᠢᠯᠴᠠᠨ ᠰᠤᠳᠤᠯᠤᠨ ᠶᠠᠷᠢᠯᠴᠠᠬᠤ᠂ ᠦᠷ᠎ᠡ ᠪᠦᠲᠦᠭᠡᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠡᠨᠡ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠸᠧᠢ ᠯᠠᠨ ᠢ ᠤᠷᠢᠵᠤ ︽ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠠᠴᠠ ᠣᠲᠣ ᠦᠶ᠎ᠡ ᠶᠢᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠳᠤ ᠥᠭᠭᠦᠭᠰᠡᠨ ᠢᠯᠡ ᠲᠣᠳᠣᠷᠬᠠᠢ ᠬᠠᠷᠢᠭᠤᠯᠲᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠡᠢ᠃ ᠰᠢᠶᠠᠨ ᠤ ᠤᠳᠤᠷᠢᠳᠤᠯᠭ᠎ᠠ ᠬᠠᠳᠠ᠂ ᠷᠧᠨ ᠶᠠᠨ ᠰᠢᠶᠠᠩ᠂ ᠰᠢᠶᠧ ᠴᠢᠦᠢ ᠫᠢᠩ᠂ ᠶᠢᠨ ᠱᠤᠤ ᠯᠢᠨ ᠦᠴᠦᠸᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠰᠢᠶᠠᠨ ᠤ ᠤᠳᠤᠷᠢᠳᠤᠯᠭ᠎ᠠ ᠯᠢᠦᠢ ᠪᠢᠶᠣᠣ᠂ ᠶᠦᠨ ᠰᠢᠶᠣᠣ ᠮᠢᠨ᠂ ᠯᠢ ᠳ᠋ᠧᠩ ᠬᠤᠩ᠂ ᠰᠦᠸᠧ ᠶᠦᠩ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃      ᠶᠠᠩ ᠰᠢᠩ ᠱᠧᠩ ᠬᠡᠯᠡᠬᠦ ᠳᠡᠭᠡᠨ᠂ ᠬᠤᠷᠠᠯ ᠳᠤ ᠣᠷᠣᠯᠴᠠᠭᠰᠠᠳ ᠪᠠᠶᠢᠴᠠᠭᠠᠨ ᠰᠤᠳᠤᠯᠤᠯᠲᠠ ᠶᠢᠨ ᠠᠵᠢᠯ ᠢ ᠨᠡᠯᠢᠶᠡᠳ ᠴᠢᠬᠤᠯᠠᠴᠢᠯᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠬᠠᠨᠳᠤᠯᠭᠠᠲᠤ ᠴᠢᠨᠠᠷᠲᠠᠢ ᠠᠷᠭᠠᠴᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠲᠡᠷᠡ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠤᠯᠠᠨ ᠲᠦᠮᠡᠨ ᠳᠤ ᠬᠠᠨᠳᠤᠭᠤᠯᠤᠨ᠂ ᠦᠨᠳᠦᠰᠦᠨ ᠱᠠᠲᠤᠨ ᠳᠤ ᠨᠡᠩ ᠰᠢᠭᠤᠳ ᠬᠠᠨᠳᠤᠭᠤᠯᠤᠨ᠎ᠠ᠂ ᠤᠯᠠᠨ ᠢᠶᠠᠷ ᠢᠶᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢ ᠰᠢᠢᠳᠪᠦᠷᠢᠯᠡᠬᠦ ᠪᠠᠷ ᠵᠠᠩᠭᠢᠯᠠᠭ᠎ᠠ ᠶᠢᠨ ᠤᠳᠤᠷᠢᠳᠤᠮᠵᠢ ᠪᠣᠯᠭᠠᠵᠤ᠂ ᠬᠥᠭᠵᠢᠯᠲᠡ ᠶᠢ ᠠᠬᠢᠭᠤᠯᠬᠤ ᠪᠠᠷ ᠲᠤᠰᠤᠯᠲᠠ ᠪᠠᠨ ᠪᠣᠯᠭᠠᠵᠤ᠂ ᠪᠠᠶᠢᠴᠠᠭᠠᠨ ᠰᠤᠳᠤᠯᠤᠯᠲᠠ ᠬᠢᠬᠦ ᠶᠢᠨ ᠲᠥᠯᠥᠭᠡ ᠪᠠᠶᠢᠴᠠᠭᠠᠨ ᠰᠤᠳᠤᠯᠤᠯᠲᠠ ᠬᠢᠬᠦ ᠶᠢ ᠡᠷᠡᠰ ᠰᠡᠷᠭᠡᠶᠢᠯᠡᠵᠦ᠂ ᠵᠥᠪᠬᠡᠨ ᠪᠠᠶᠢᠴᠠᠭᠠᠬᠤ ᠠᠴᠠ ᠪᠢᠰᠢ ᠰᠤᠳᠤᠯᠬᠤ ᠦᠭᠡᠢ᠂ ᠵᠥᠪᠬᠡᠨ ᠪᠠᠶᠢᠴᠠᠭᠠᠨ ᠰᠤᠳᠤᠯᠬᠤ ᠠᠴᠠ ᠪᠢᠰᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠦᠭᠡᠢ ᠪᠠᠶᠢᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠶᠠᠩ ᠰᠢᠩ ᠱᠧᠩ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠤᠭᠰᠠᠨ ᠰᠤᠷᠤᠯᠴᠠᠯᠭ᠎ᠠ ᠶᠢᠨ ᠣᠶᠢᠯᠠᠭᠠᠯᠲᠠ ᠪᠠᠨ ᠬᠤᠪᠢᠶᠠᠯᠴᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ︽ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠤᠬᠠᠭᠠᠨ ᠤ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠢ ᠤᠯᠠᠮ ᠨᠠᠷᠢᠨ ᠨᠠᠶᠢᠳᠠᠪᠤᠷᠢᠵᠢᠭᠤᠯᠵᠤ᠂ ᠰᠤᠷᠤᠯᠴᠠᠵᠦ ᠰᠡᠳᠬᠢᠬᠦ ᠬᠡᠷᠡᠭᠯᠡᠬᠦ ᠶᠢ ᠤᠶᠠᠯᠳᠤᠭᠤᠯᠵᠤ᠂ ᠮᠡᠳᠡᠬᠦ ᠢᠲᠡᠭᠡᠬᠦ ᠬᠢᠬᠦ ᠶᠢ ᠨᠢᠭᠡᠳᠭᠡᠬᠦ ᠶᠢ ᠪᠠᠷᠢᠮᠲᠠᠯᠠᠵᠤ᠂ ︽ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠠᠵᠢᠯ ᠶᠠᠪᠤᠳᠠᠯ ᠬᠢᠬᠦ ᠳᠤ ᠬᠠᠶᠢᠷ᠎ᠠ ᠰᠡᠳᠬᠢᠯᠭᠡ ᠲᠠᠢ ᠪᠠᠶᠢᠬᠤ ᠶᠢ ᠪᠡᠶᠡᠯᠡᠭᠦᠯᠵᠦ᠂ ︽ᠬᠠᠳᠠ ᠴᠢᠯᠠᠭᠤ ᠮᠡᠲᠦ ᠪᠠᠲᠤ ᠪᠠᠬᠢ︾ ᠤᠯᠤᠰ ᠲᠦᠷᠦ ᠶᠢᠨ ᠬᠠᠶᠢᠷ᠎ᠠ ᠰᠡᠳᠬᠢᠯᠭᠡ ᠲᠠᠢ ᠪᠠᠶᠢᠵᠤ᠂ ᠶᠡᠭᠡ ᠲᠠᠯ᠎ᠠ ᠳᠤ ᠵᠣᠭᠰᠣᠵᠤ᠂ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠢᠮᠠᠭᠲᠠ ᠨᠠᠮ ᠤᠨ ᠲᠥᠪ ᠬᠤᠷᠢᠶ᠎ᠠ ᠲᠠᠢ ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠨᠠᠶᠢᠳᠠᠪᠤᠷᠢᠵᠢᠭᠤᠯᠤᠯᠲᠠ ᠶᠢ ᠡᠷᠡᠰ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ ︽ᠨᠠᠳᠠ ᠠᠴᠠ ᠥᠭᠡᠷ᠎ᠡ ᠬᠡᠨ ᠪᠠᠶᠢᠬᠤ ᠪᠤᠢ︾ ᠭᠡᠬᠦ ᠠᠵᠢᠯ ᠦᠢᠯᠡᠰ ᠤᠨ ᠬᠠᠶᠢᠷ᠎ᠠ ᠰᠡᠳᠬᠢᠯᠭᠡ ᠲᠠᠢ ᠪᠠᠶᠢᠵᠤ᠂ ᠭᠠᠵᠠᠷ ᠣᠷᠣᠨ᠂ ᠲᠡᠦᠬᠡ᠂ ᠤᠯᠠᠨ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠲᠥᠰᠥᠪᠯᠡᠨ ᠠᠬᠢᠭᠤᠯᠬᠤ ᠬᠡᠷᠡᠭᠲᠡᠢ᠃ ︽ᠥᠪᠡᠷ ᠢ ᠪᠠᠨ ᠤᠮᠠᠷᠲᠠᠬᠤ︾ ᠠᠷᠠᠳ ᠤᠨ ᠲᠥᠯᠥᠭᠡ ᠵᠢᠳᠬᠦᠬᠦ ᠰᠡᠳᠬᠢᠯᠭᠡ ᠲᠠᠢ ᠪᠠᠶᠢᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠳᠤ ᠬᠠᠷᠢᠭᠤᠴᠠᠬᠤ᠂ ᠠᠷᠠᠳ ᠢᠷᠭᠡᠳ ᠲᠤ ᠬᠠᠷᠢᠭᠤᠴᠠᠬᠤ᠂ ᠥᠪᠡᠷ ᠤᠨ ᠠᠵᠢᠯ ᠳᠠᠭᠠᠨ ᠬᠠᠷᠢᠭᠤᠴᠠᠬᠤ ᠣᠪᠣᠷ ᠢᠶᠠᠷ ᠭᠠᠵᠠᠷ ᠣᠷᠣᠨ ᠤ ᠠᠵᠤ ᠦᠢᠯᠡᠰ ᠤᠨ ᠰᠠᠭᠤᠷᠢ᠂ ᠰᠣᠶᠣᠯ ᠤᠨ ᠠᠭᠤᠯᠤᠭᠳᠠᠬᠤᠨ᠂ ᠠᠮᠢ ᠠᠬᠤᠢ ᠶᠢᠨ ᠠᠰᠢᠭ ᠲᠤᠰᠠ ᠶᠢ ᠥᠪᠡᠷ ᠤᠨ ᠪᠡᠶ᠎ᠡ ᠪᠠᠷ ᠢᠶᠠᠨ ᠲᠥᠯᠥᠪᠵᠢᠭᠦᠯᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠵᠦᠢᠯ︾ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠵᠢᠯ ᠶᠠᠪᠤᠳᠠᠯ ᠬᠢᠬᠦ ᠳᠤ ᠳᠦᠷᠢᠮ ᠲᠣᠭᠲᠠᠭᠠᠯ ᠢ ᠡᠷᠬᠢᠮᠯᠡᠵᠦ᠂ ᠠᠷᠭ᠎ᠠ ᠤᠬᠠᠭᠠᠨ ᠰᠦᠪᠡᠭᠴᠢᠯᠡᠬᠦ ᠶᠢ ᠰᠤᠷᠴᠤ᠂ ᠭᠤᠣᠯ ᠳᠡᠳ᠋ ᠢ ᠲᠣᠳᠣᠷᠬᠠᠢ ᠢᠯᠭᠠᠵᠤ᠂ ᠵᠢᠮ᠎ᠡ ᠶᠣᠰᠣ ᠶᠢ ᠡᠵᠡᠮᠳᠡᠵᠦ᠂ ᠠᠶᠢᠵᠠᠮ ᠢ ᠡᠵᠡᠮᠳᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠢᠯ ᠶᠠᠪᠤᠳᠠᠯ ᠬᠢᠬᠦ ᠳᠡᠭᠡᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠢᠷ ᠠᠴᠠ ᠠᠶᠤᠬᠤ ᠦᠭᠡᠢ᠂  ᠬᠦᠴᠢᠷ ᠢ ᠳᠠᠭᠠᠭᠠᠬᠤ᠂ ᠬᠦᠴᠢᠷ ᠢ ᠵᠣᠷᠢᠭᠲᠠᠢ ᠳᠠᠭᠠᠭᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ︽ᠬᠦᠴᠢᠷ ᠢ ᠠᠮᠰᠠᠵᠤ︾᠂ ᠵᠣᠪᠠᠭᠤᠷᠢ ᠪᠠᠷ ᠵᠢᠷᠭᠠᠯ ᠢᠶᠠᠨ ᠪᠣᠯᠭᠠᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠪᠠᠴᠢᠮ ᠬᠦᠴᠢᠷ ᠠᠶᠤᠯᠲᠠᠢ ᠬᠦᠨᠳᠦ ᠠᠵᠢᠯ ᠤᠨ ᠡᠮᠦᠨ᠎ᠡ ᠹᠷᠣᠨᠲ ᠳᠤ ᠶᠡᠭᠡ ᠪᠠᠷ ᠬᠦᠴᠦ ᠣᠷᠣᠭᠤᠯᠬᠤ ᠬᠡᠷᠡᠭᠲᠡᠢ᠃ ᠠᠵᠢᠯ ᠶᠠᠪᠤᠳᠠᠯ ᠬᠢᠬᠦ ᠳᠡᠭᠡᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ︽ᠬᠤᠷᠴᠠ ᠰᠡᠯᠡᠮ᠎ᠡ ᠭᠠᠷᠭᠠᠬᠤ ᠵᠣᠷᠢᠭ ᠰᠠᠨᠠᠭ᠎ᠠ︾ ᠲᠠᠢ ᠪᠠᠶᠢᠵᠤ᠂ ᠡᠷᠡᠯᠬᠡᠭᠯᠡᠨ ᠲᠡᠮᠡᠴᠡᠬᠦ ᠰᠥᠰᠥ ᠵᠣᠷᠢᠭ ᠲᠠᠢ ᠪᠠᠶᠢᠵᠤ᠂ ᠵᠣᠷᠢᠭᠲᠠᠢ ᠬᠢᠵᠦ ᠵᠣᠷᠢᠭᠲᠠᠢ ᠠᠵᠢᠯᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠳᠤᠮᠳᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠬᠠᠷᠢᠭᠤᠴᠠᠯᠭ᠎ᠠ ᠡᠭᠦᠷᠭᠡᠯᠡᠬᠦ ᠶᠢ ᠦᠨᠡᠨᠬᠦ ᠠᠵᠢᠯ ᠬᠢᠵᠦ ᠦᠢᠯᠡᠰ ᠪᠣᠰᠬᠠᠬᠤ ᠶᠢᠨ ᠢᠯᠡ ᠲᠣᠳᠣ ᠰᠠᠭᠤᠷᠢ ᠥᠩᠭᠡ ᠪᠣᠯᠭᠠᠬᠤ ᠬᠡᠷᠡᠭᠲᠡᠢ᠃ ᠠᠵᠢᠯ ᠬᠢᠬᠦ ᠳᠤ ᠦᠷ᠎ᠡ ᠳ᠋ᠦᠩ ᠢ ᠴᠢᠬᠤᠯᠠᠴᠢᠯᠠᠬᠤ ᠶᠢ ᠪᠡᠶᠡᠯᠡᠭᠦᠯᠵᠦ᠂ ᠡᠴᠦᠰ ᠲᠤᠨᠢ ᠲᠤᠯᠲᠠᠯ᠎ᠠ ᠠᠳᠬᠤᠬᠤ ᠡᠷᠴᠢ ᠵᠣᠷᠢᠭ ᠲᠠᠢ ᠪᠠᠶᠢᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾ ᠪᠠ ᠪᠢᠲᠡᠭᠦᠦ ᠴᠠᠭᠠᠷᠢᠭ ᠤᠨ ᠰᠡᠳᠬᠢᠬᠦᠢ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠷ ᠦᠨᠡᠯᠡᠯᠲᠡ ᠶᠢᠨ ᠪᠠᠷᠢᠮᠵᠢᠶ᠎ᠠ ᠪᠣᠯᠭᠠᠵᠤ᠂ ᠦᠨᠡᠨ ᠪᠣᠳᠠᠲᠠᠢ ᠦᠷ᠎ᠡ ᠪᠦᠲᠦᠭᠡᠯ ᠢᠶᠠᠷ ᠰᠢᠯᠭᠠᠯᠲᠠ ᠶᠢᠨ ᠬᠠᠭᠤᠳᠠᠰᠤ ᠲᠤᠰᠢᠶᠠᠵᠤ᠂ ︽ᠤᠴᠢᠷ ᠪᠦᠬᠦᠨ ᠬᠡᠯᠡᠬᠦ ᠦᠭᠡ ᠲᠠᠢ᠂ ᠤᠴᠢᠷ ᠪᠦᠬᠦᠨ ᠬᠠᠷᠢᠭᠤᠯᠲᠠ ᠲᠠᠢ᠂ ᠤᠴᠢᠷ ᠪᠦᠬᠦᠨ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号