ᠱᠠᠨᠳᠦ᠋ᠩ ᠤᠨ ᠫᠧᠩᠯᠠᠢ ᠪᠠ ᠰᠢᠶᠠᠨ ᠭᠦᠸᠧ ᠬᠠᠢ ᠵᠤᠭᠠᠴᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠬᠠᠢ ᠹᠥ᠋ᠩ ᠨᠠᠷ ᠦᠴᠦᠸᠠᠨ ᠰᠢᠶᠠᠨ ᠤ ᠰᠣᠶᠣᠯ ᠵᠤᠭᠠᠴᠠᠯ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/10/31
     10 ᠰᠠᠷ᠎ᠠ ᠶᠢᠨ 27  ᠤ ᠡᠳᠦᠷ᠂ ᠱᠠᠨᠳᠦ᠋ᠩ ᠤᠨ ᠫᠧᠩᠯᠠᠢ ᠪᠠ ᠰᠢᠶᠠᠨ ᠭᠦᠸᠧ ᠬᠠᠢ ᠵᠤᠭᠠᠴᠠᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠬᠠᠢ ᠹᠥ᠋ᠩ ᠨᠠᠷ ᠮᠠᠨ ᠤ ᠰᠢᠶᠠᠨ ᠳᠤ ᠢᠷᠡᠵᠦ ᠰᠣᠶᠣᠯ ᠵᠤᠭᠠᠴᠠᠯ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠮᠢᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠧᠨ ᠬᠤᠸᠠ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠯᠢ ᠬᠠᠢ ᠹᠧᠩ ᠨᠠᠷ ᠤᠷᠢᠳ ᠬᠤᠵᠢᠳ ᠬᠠᠷᠠᠭᠤᠯ ᠪᠠᠯᠭᠠᠰᠤᠨ ᠤ ᠳᠡᠷᠡᠰᠦᠲᠦ ᠶᠢᠨ ᠠᠶᠢᠯ ᠲᠣᠰᠬᠤᠨ ᠤ ᠪᠤᠬ᠎ᠠ ᠲᠡᠷᠭᠡᠨ ᠤ ᠵᠢᠵᠢᠭ ᠪᠠᠯᠭᠠᠰᠤ᠂ ᠨᠠᠭᠤᠷ ᠤᠨ ᠰᠢᠯᠢ ᠥᠨᠳᠥᠷ ᠠᠭᠤᠯᠠ ᠨᠤᠭᠤ ᠭᠠᠵᠠᠷ ᠲᠠᠯ᠎ᠠ ᠨᠤᠲᠤᠭ ᠤᠨ ᠵᠤᠭᠠᠴᠠᠯ ᠤᠨ ᠣᠷᠣᠨ᠂ ᠦᠴᠦᠸᠠᠨ ᠰᠢᠶᠠᠨ ᠤ ᠨᠠᠨᠱᠠᠨ᠂ ᠬᠠᠳᠠᠲᠤ ᠬᠠᠭᠠᠯᠭ᠎ᠠ ᠶᠢᠨ ᠥᠨᠳᠥᠷ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ᠂ ᠤᠮᠠᠷᠠᠲᠤ ᠸᠧᠢ ᠤᠯᠤᠰ ᠤᠨ ᠲᠡᠭᠷᠢ ᠶᠢᠨ ᠲᠠᠬᠢᠯᠭ᠎ᠠ ᠶᠢᠨ ᠪᠠᠭᠤᠷᠢ ᠵᠡᠷᠭᠡ ᠭᠠᠵᠠᠷ ᠢᠶᠠᠷ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠮᠠᠨ ᠤ ᠰᠢᠶᠠᠨ ᠤ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ᠂ ᠬᠥᠮᠥᠨ ᠰᠣᠶᠣᠯ ᠤᠨ ᠲᠡᠦᠬᠡ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠪᠥᠬᠦ ᠰᠢᠶᠠᠨ ᠤ ᠵᠢᠭᠤᠯᠴᠢᠯᠠᠯ ᠤᠨ ᠲᠥᠷᠥᠯ ᠵᠦᠢᠯ ᠤᠨ ᠶᠡᠷᠦᠩᠬᠡᠢ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠯᠢ ᠬᠠᠢ ᠹᠧᠩ ᠢᠯᠡᠷᠬᠡᠶᠢᠯᠡᠬᠦ ᠳᠡᠭᠡᠨ᠂ ᠦᠴᠦᠸᠠᠨ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ ᠲᠣᠪᠣᠶᠢᠮ᠎ᠠ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ᠂ ᠬᠥᠮᠥᠨ ᠨᠡᠶᠢᠭᠡᠮ ᠤᠨ ᠣᠷᠴᠢᠨ ᠨᠥᠬᠦᠴᠡᠯ ᠳᠠᠪᠠᠭᠤᠯᠢᠭ᠂ ᠬᠥᠭᠵᠢᠯᠲᠡ ᠶᠢᠨ ᠣᠷᠣᠨ ᠵᠠᠢ ᠨᠡᠯᠢᠶᠡᠳ ᠶᠡᠭᠡ ᠪᠠᠶᠢᠳᠠᠭ᠂ ᠵᠢᠭᠤᠯᠴᠢᠯᠠᠯ ᠤᠨ ᠰᠣᠶᠣᠯ ᠤᠨ ᠠᠵᠤ ᠦᠢᠯᠡᠰ ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠪᠠᠷ ᠮᠠᠨ ᠤ ᠰᠢᠶᠠᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭ ᠬᠦᠷᠲᠡᠭᠡᠵᠦ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠶᠠᠩ ᠰᠢᠩ ᠱᠧᠩ ᠯᠢ ᠬᠠᠢ ᠹᠧᠩ ᠨᠠᠷ ᠤᠨ ᠮᠠᠨ ᠤ ᠰᠢᠶᠠᠨ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠦᠴᠦᠸᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠳᠤᠷᠠᠳᠤᠭᠰᠠᠨ ᠰᠠᠨᠠᠯ ᠪᠣᠯᠣᠨ ᠰᠠᠨᠠᠭᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠂ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ᠂ ᠦᠴᠦᠸᠠᠨ ᠰᠢᠶᠠᠨ ᠤ ᠬᠢᠨ ᠰᠣᠶᠣᠯ ᠵᠤᠭᠠᠴᠠᠯ ᠤᠨ ᠠᠵᠤ ᠦᠢᠯᠡᠰ ᠢᠶᠠᠷ ᠭᠤᠣᠯᠳᠠᠯᠭ᠎ᠠ ᠲᠠᠢ ᠬᠥᠭᠵᠢᠯᠲᠡ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠥᠪᠡᠷᠮᠢᠴᠡ ᠬᠤᠪᠢᠰᠬᠠᠯ ᠤᠨ ᠰᠣᠶᠣᠯ᠂ ᠲᠡᠦᠬᠡ ᠰᠣᠶᠣᠯ᠂ ᠠᠮᠢ ᠠᠬᠤᠢ ᠶᠢᠨ ᠡᠬᠢ ᠪᠠᠶᠠᠯᠢᠭ ᠢᠶᠠᠷ ᠲᠤᠯᠭᠠᠭᠤᠷᠢᠯᠠᠯ ᠪᠣᠯᠭᠠᠵᠤ᠂ ᠰᠣᠶᠣᠯ ᠵᠤᠭᠠᠴᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠢ ᠪᠦᠬᠦ ᠲᠠᠯ᠎ᠠ ᠪᠠᠷ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠣᠶᠣᠯ ᠵᠤᠭᠠᠴᠠᠯ ᠤᠨ ᠲᠦᠷᠦᠯ ᠲᠡᠮᠳᠡᠭ ᠢ ᠳᠡᠭᠡᠭᠰᠢᠯᠡᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠠᠢ᠃ ᠪᠠ ᠰᠢᠶᠠᠨ ᠭᠦᠸᠧ ᠬᠠᠢ ᠵᠢᠭᠤᠯᠴᠢᠯᠠᠯ ᠤᠨ ᠪᠦᠯᠦᠭᠯᠡᠯ ᠤᠨ ᠬᠢᠨ ᠲᠤᠰ ᠤᠳᠠᠭᠠᠨ ᠤ ᠪᠠᠶᠢᠴᠠᠭᠠᠯᠲᠠ ᠪᠠᠷ ᠳᠡᠮᠵᠢᠨ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠬᠤᠯᠪᠣᠭᠳᠠᠯ ᠪᠦᠬᠦᠢ ᠲᠥᠷᠥᠯ ᠵᠦᠢᠯ ᠢ ᠲᠥᠰᠥᠪᠯᠡᠬᠦ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠪᠠᠷ ᠨᠡᠩ ᠣᠯᠠᠨ ᠵᠢᠯᠣᠭᠤᠳᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ᠃ ᠮᠠᠨ ᠤ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠤᠨ ᠡᠮᠬᠢᠯᠡᠨ ᠨᠡᠶᠢᠯᠡᠭᠦᠯᠵᠦ᠂ ᠦᠴᠦᠸᠠᠨ ᠰᠢᠶᠠᠨ ᠤ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠪᠠᠷ ᠦᠴᠦᠸᠠᠨ ᠰᠢᠶᠠᠨ ᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号