10 ᠰᠠᠷ᠎ᠠ ᠶᠢᠨ 26 ᠤ ᠡᠳᠦᠷ ᠪᠣᠯ ᠠᠷᠪᠠᠨ ᠲᠠᠪᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠬᠠᠮᠲᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠪᠠᠶᠠᠷ ᠤᠨ ᠡᠳᠦᠷ | ᠪᠣᠯᠣᠨ᠎ᠠ᠃ ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ︽ᠳᠤᠮᠳᠠᠳᠤ | ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠤᠭᠤᠰᠢᠯᠠᠭᠤᠯᠵᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠵᠣᠯ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠦᠶ᠎ᠡ︾ ᠭᠡᠬᠦ ᠪᠦᠭᠦ ᠣᠷᠣᠨ ᠤ ᠠᠵᠢᠯᠴᠢᠨ ᠤ ᠡᠪᠯᠡᠯ ᠤᠨ ᠰᠢᠰᠲ᠋ᠧᠮ ᠤᠨ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠴᠢᠳ ᠢ ᠲᠥᠪᠯᠡᠷᠡᠭᠦᠯᠦᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠣᠷᠳᠣ | ᠬᠤᠭᠤᠴᠠᠭᠠᠨ ᠤ ᠲᠤᠷᠰᠢ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭᠰᠠᠨ ᠥᠷᠭᠡᠨ ᠣᠯᠠᠨ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠴᠢᠳ ᠲᠤ ︽ᠲᠣᠬᠤᠨᠢᠭᠤᠯᠬᠤ ᠪᠡᠯᠡᠭ︾ ᠬᠦᠷᠭᠡᠭᠰᠡᠨ ᠪᠥᠭᠡᠳ ︽ᠪᠦᠭᠦ ᠤᠯᠤᠰ ᠤᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠥᠭᠭᠦᠭᠰᠡᠨ ᠲᠣᠬᠤᠨᠢᠭᠤᠯᠬᠤ ᠵᠠᠬᠢᠳᠠᠯ︾ ᠢ | ᠭᠠᠷᠳᠠᠭᠤᠯᠪᠠ᠃ | ᠪᠦᠭᠦ ᠣᠷᠣᠨ ᠤ ᠥᠷᠭᠡᠨ ᠣᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠨᠠᠮ ᠪᠠ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ | ᠬᠠᠯᠠᠮᠵᠢ ᠶᠢ ᠬᠦᠷᠲᠡᠭᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ 2022 | ᠣᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠭᠰᠡᠨ ᠰᠠᠭᠤᠷᠢᠨ ᠳᠡᠭᠡᠷ᠎ᠡ᠂ ᠲᠥᠪᠯᠡᠷᠡᠭᠦᠯᠦᠨ | ᠲᠣᠬᠤᠨᠢᠭᠤᠯᠬᠤ ᠠᠵᠢᠯᠯᠠᠭ᠎ᠠ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 2023 ᠣᠨ ᠤ ᠪᠦᠭᠦ | ᠣᠷᠣᠨ ᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠴᠢᠳ ᠲᠤ ᠨᠡᠶᠢᠲᠡ 400 ᠲᠦᠮᠡᠨ ᠲᠥᠭᠦᠷᠢᠭ ᠤᠨ ᠲᠣᠬᠤᠨᠢᠭᠤᠯᠬᠤ ᠠᠵᠢᠯᠯᠠᠭ᠎ᠠ ᠶᠢᠨ ᠨᠥᠬᠦᠪᠦᠷᠢ ᠮᠥᠩᠭᠦ | ᠶᠢ ᠲᠣᠬᠢᠷᠠᠭᠤᠯᠪᠠ᠃ ᠡᠭᠦᠨ ᠤ ᠬᠠᠮᠲᠤ᠂ ᠪᠦᠭᠦ ᠣᠷᠣᠨ ᠤ ᠬᠡᠪᠴᠢᠶᠡᠨ ᠳᠤ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠴᠢᠳ ᠢ ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠦᠷᠭᠦᠯᠵᠢᠯᠡᠨ ᠪᠤᠶ ᠪᠤᠯᠭᠠᠬᠤ ᠶᠢᠨ | ᠲᠥᠯᠥᠭᠡ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠪᠠᠰᠠ ᠢᠳᠡᠪᠬᠢᠲᠡᠢ ᠪᠠᠷ 380 ᠲᠦᠮᠡᠨ ᠲᠥᠭᠦᠷᠢᠭ ᠤᠨ ᠲᠣᠬᠤᠨᠢᠭᠤᠯᠬᠤ ᠪᠡᠯᠡ ᠮᠥᠩᠭᠦ | ᠴᠤᠭᠯᠠᠭᠤᠯᠵᠤ᠂ ᠨᠢᠭᠡᠳᠦᠭᠡᠷ ᠹᠷᠣᠨᠲ ᠤᠨ 3.8 ᠲᠦᠮᠡ ᠭᠠᠷᠤᠢ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠴᠢᠳ ᠲᠤ ᠠᠰᠢᠭ ᠬᠦᠷᠲᠡᠭᠡᠪᠡ᠃ ᠠᠵᠢᠯᠯᠠᠭ᠎ᠠ ᠶᠢᠨ ᠲᠤᠬᠠᠢ ᠶᠢᠨ ᠡᠳᠦᠷ᠂ ᠡᠯ᠎ᠡ ᠱᠠᠲᠤᠨ ᠤ ᠠᠵᠢᠯᠴᠢᠨ ᠤ | ᠡᠪᠯᠡᠯ ᠤᠨ ᠺᠠᠳ᠋ᠷᠴᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠡᠪᠡᠷᠯᠡᠨ ᠱᠦᠭᠦᠷᠳᠡᠬᠦ ᠲᠤᠬᠠᠢ ᠶᠢᠨ ᠲᠠᠯᠠᠪᠠᠶ᠂ | ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠬᠤᠭ ᠨᠣᠪᠰᠢ ᠰᠢᠢᠳᠪᠦᠷᠢᠯᠡᠬᠦ ᠲᠠᠯᠠᠪᠠᠶ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠠᠶᠢᠷ᠎ᠠ ᠬᠠᠯᠠᠮᠵᠢ ᠶᠢᠨ ᠥᠷᠲᠡᠭᠡ ᠵᠡᠷᠭᠡ ᠭᠠᠵᠠᠷ ᠲᠤ | ᠭᠦᠨᠵᠡᠭᠡᠶᠢᠷᠡᠨ᠂ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ | ᠬᠠᠯᠠᠮᠵᠢᠯᠠᠯ ᠬᠦᠷᠭᠡᠬᠦ ᠶᠢᠨ ᠬᠠᠮᠲᠤ ᠠᠮᠤ ᠪᠤᠳᠠᠭ᠎ᠠ᠂ ᠭᠤᠯᠢᠷ᠂ ᠲᠣᠰᠣ᠂ ᠺᠢᠨᠣ᠋ ᠶᠢᠨ ᠪᠢᠯᠧᠲ᠂ ᠴᠣᠮᠣ ᠵᠡᠷᠭᠡ ᠡᠳ᠋ ᠪᠣᠳᠠᠰ | ᠢ ᠪᠠᠭᠲᠠᠭᠠᠭᠰᠠᠨ ︽ᠲᠣᠬᠤᠨᠢᠭᠤᠯᠬᠤ ᠪᠡᠯᠡᠭ︾ ᠢ ᠬᠦᠷᠭᠡᠵᠡᠢ᠃ |