ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠬᠤᠪᠢᠶᠠᠷᠢ ᠨᠡᠶᠢᠭᠡᠮᠯᠢᠭ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2023/10/31
     ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠨᠡᠶᠢᠭᠡᠮᠯᠢᠭ ᠤᠨ ᠠᠨᠠᠭᠠᠬᠤ ᠤᠬᠠᠭᠠᠨ  ᠤ ᠰᠤᠷᠭᠠᠨ ᠬᠥᠮᠦᠵᠢᠯ ᠤᠨ ᠬᠤᠪᠢᠶᠠᠷᠢ ᠨᠡᠶᠢᠭᠡᠮᠯᠢᠭ ᠪᠠᠶᠢᠭᠤᠯᠤᠭᠳᠠᠪᠠ᠃      ᠣᠶᠢᠯᠠᠭᠠᠭᠰᠠᠨ ᠢᠶᠠᠷ᠂ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠬᠤᠪᠢᠶᠠᠷᠢ ᠨᠡᠶᠢᠭᠡᠮᠯᠢᠭ ᠪᠠᠶᠢᠭᠤᠯᠤᠭᠳᠠᠭᠰᠠᠨ ᠨᠢ ᠮᠠᠨ ᠤ ᠣᠷᠣᠨ ᠤ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ︽ᠡᠷᠡᠭᠦᠯ ᠡᠩᠬᠡ ᠳᠤᠮᠳᠠᠳᠤ ᠤᠯᠤᠰ︾ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠠᠮᠢᠳᠤᠯᠢᠭ ᠦᠢᠯᠡᠳᠦᠯᠭᠡ ᠪᠣᠯᠣᠨ᠎ᠠ᠃ ᠬᠤᠪᠢᠶᠠᠷᠢ ᠨᠡᠶᠢᠭᠡᠮᠯᠢᠭ ᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠠᠴᠠ ᠰᠠᠨᠠᠭᠠᠴᠢᠯᠠᠵᠤ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠣᠷᠣᠨ ᠤ ᠳᠣᠲᠣᠷᠠᠬᠢ 34 ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠵᠣᠬᠢᠶᠠᠨ ᠪᠠᠶᠢᠭᠤᠯᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ᠂ ᠡᠬᠢ ᠪᠠᠶᠠᠯᠢᠭ  ᠢ ᠬᠠᠮᠲᠤ ᠪᠠᠷ ᠡᠳ᠋ᠯᠡᠬᠦ᠂ ᠲᠥᠪ ᠭᠤᠣᠯᠴᠢ ᠡᠷᠬᠡ ᠲᠡᠭᠰᠢ ᠨᠡᠭᠡᠭᠡᠯᠲᠡᠲᠤ ᠮᠠᠶ᠋ᠢᠭ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠴᠢᠷᠮᠠᠶᠢᠨ᠎ᠠ᠃ ᠬᠤᠪᠢᠶᠠᠷᠢ ᠨᠡᠶᠢᠭᠡᠮᠯᠢᠭ ᠨᠢ ᠥᠨᠳᠥᠷ ᠬᠡᠪ ᠪᠣᠯᠪᠠᠰᠤᠷᠠᠯ ᠲᠠᠢ ᠥᠨᠳᠥᠷ ᠲᠦᠪᠰᠢᠨ ᠪᠦᠬᠦᠢ ᠠᠨᠠᠭᠠᠬᠤ ᠤᠬᠠᠭᠠᠨ ᠤ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠬᠦᠨᠳᠦ ᠡᠭᠦᠷᠭᠡ ᠶᠢ ᠦᠨᠡᠨ ᠬᠦ ᠡᠭᠦᠷᠭᠡᠯᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠬᠤ ᠶᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠠᠬᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠵᠢᠯᠴᠠᠨ ᠰᠤᠳᠤᠯᠬᠤ ᠶᠢ ᠴᠢᠩᠭᠠᠳᠬᠠᠵᠤ᠂  ᠤᠯᠠᠨ ᠤᠯᠤᠰ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭᠠᠳᠬᠠᠬᠤ  ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号