ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 74 ᠵᠢᠯ ᠤᠨ ᠣᠶ ᠶᠢ ᠪᠡᠯᠭᠡᠯᠡᠬᠦ ᠭᠤᠣᠯ ᠰᠡᠳᠦᠪᠲᠦ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/10/31
     ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠥᠪᠯᠡᠯ ᠣᠶᠢᠷ᠎ᠠ ᠳᠤ ᠬᠠᠮᠲᠤᠷᠠᠨ ︽ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠤᠯᠬᠤ ᠪᠠᠷ ᠴᠢᠷᠮᠠᠶᠢᠰᠤᠭᠠᠢ︾ ᠭᠡᠬᠦ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 74 ᠵᠢᠯ ᠤᠨ ᠣᠶ ᠶᠢ ᠪᠡᠯᠭᠡᠯᠡᠬᠦ ᠭᠤᠣᠯ ᠰᠡᠳᠦᠪᠲᠦ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠡᠩᠭᠡᠷᠭᠡᠨ ᠪᠦᠷᠢᠶ᠎ᠡ ᠶᠢᠨ ᠤᠷᠤᠯᠳᠤᠭᠠᠨ ᠥᠷᠨᠢᠭᠦᠯᠵᠦ᠂ ᠪᠦᠭᠦ ᠣᠷᠣᠨ ᠤ 600 ᠭᠠᠷᠤᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ᠂ ᠬᠠᠪᠰᠤᠷᠤᠨ ᠵᠢᠯᠣᠭᠤᠳᠤᠭᠴᠢ ᠪᠠᠭᠰᠢ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠳᠤ᠂ ᠰᠢᠨ᠎ᠡ ᠬᠤᠰᠢᠭᠤᠴᠢ ᠠᠩᠭᠢ ᠶᠢᠨ ᠭᠡᠰᠢᠭᠦᠳ ᠲᠤ ᠤᠯᠠᠭᠠᠨ ᠪᠦᠴᠡ ᠵᠡᠭᠦᠯᠭᠡᠵᠦ᠂ ᠰᠢᠨ᠎ᠡ ᠬᠤᠰᠢᠭᠤᠴᠢ ᠠᠩᠭᠢ ᠶᠢᠨ ᠭᠡᠰᠢᠭᠦᠳ ᠢᠷᠠᠭᠤ ᠠᠯᠳᠠᠷᠲᠠᠢ ᠪᠠᠷ ᠪᠠᠭᠠᠴᠤᠳ ᠤᠨ ᠬᠤᠰᠢᠭᠤᠴᠢ ᠠᠩᠭᠢ ᠶᠢᠨ ᠡᠩᠨᠡᠭᠡ  ᠳᠤ ᠣᠷᠣᠵᠤ᠂ ᠰᠢᠨ᠎ᠡ ᠠᠶᠠᠯᠠᠯ ᠢᠶᠠᠨ ᠡᠬᠢᠯᠡᠭᠦᠯᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠣᠯᠣᠯ᠎ᠠ᠃ ᠲᠠᠷᠠᠭ᠎ᠠ ᠨᠢ ᠬᠡᠩᠭᠡᠷᠭᠡᠨ ᠪᠦᠷᠢᠶ᠎ᠡ ᠶᠢᠨ ᠤᠷᠤᠯᠳᠤᠭᠠᠨ ᠳᠤ ᠣᠷᠣᠯᠴᠠᠭᠰᠠᠳ ᠬᠥᠭᠵᠢᠮᠳᠡᠬᠦ᠂ ᠲᠣᠬᠯᠠᠯᠲᠠ ᠭᠠᠷᠭᠠᠬᠤ ᠵᠡᠷᠭᠡ ᠭᠡᠯᠪᠡᠷᠢ ᠪᠠᠷ ︽ᠤᠯᠤᠰ ᠤᠨ ᠰᠦᠯᠳᠡ ᠳᠠᠭᠤᠤ᠂ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ  ᠳᠠᠭᠤᠤ︾ ᠪᠣᠯᠣᠨ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠳᠠᠭᠤᠤ︾ ᠵᠡᠷᠭᠡ ᠠᠶ᠎ᠠ ᠬᠥᠭᠵᠢᠮ ᠢ ᠬᠥᠭᠵᠢᠮᠳᠡᠵᠦ᠂ ᠪᠦᠭᠦ ᠣᠷᠣᠨ ᠤ ᠪᠠᠭᠠᠴᠤᠳ ᠬᠡᠦᠬᠡᠳ ᠤᠨ ᠨᠠᠮ ᠳᠠᠭᠠᠨ ᠲᠠᠯᠠᠷᠬᠠᠵᠤ ᠪᠠᠶᠢᠬᠤ ᠰᠡᠳᠬᠢᠯᠭᠡ᠂ ᠡᠬᠡ ᠤᠯᠤᠰ ᠲᠠᠭᠠᠨ ᠬᠠᠶᠢᠷᠠᠲᠠᠢ ᠪᠠᠶᠢᠬᠤ ᠰᠡᠳᠬᠢᠯᠭᠡ ᠶᠢ ᠢᠯᠡᠳᠬᠡᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠴᠤᠬ ᠪᠠᠳᠠᠷᠠᠩᠭᠤᠢ᠂ ᠥᠭᠡᠳᠡᠯᠡᠨ ᠲᠠᠪᠰᠢᠬᠤ᠂ ᠡᠷᠡᠮᠡᠬᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃      ︽ᠪᠠᠭᠠᠴᠤᠳ ᠤᠨ ᠬᠤᠰᠢᠭᠤᠴᠢ ᠠᠩᠭᠢ ᠶᠢᠨ ᠬᠡᠩᠭᠡᠷᠭᠡᠨ ᠪᠦᠷᠢᠶ᠎ᠡ ᠶᠢᠨ ᠠᠩᠭᠢ ᠪᠣᠯ ᠪᠠᠭᠠᠴᠤᠳ ᠤᠨ ᠬᠤᠰᠢᠭᠤᠴᠢ ᠠᠩᠭᠢ ᠶᠢᠨ ᠰᠣᠶᠣᠯ ᠢ ᠵᠣᠬᠢᠶᠠᠨ ᠪᠠᠶᠢᠭᠤᠯᠬᠤ ᠪᠡᠯᠭᠡ ᠲᠡᠮᠳᠡᠭ ᠪᠠ ᠴᠢᠬᠤᠯᠠ ᠪᠦᠷᠢᠯᠳᠦᠭᠦᠨ ᠬᠡᠰᠡᠭ ᠮᠥᠨ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠡᠭᠦᠷᠭᠡ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠥᠪᠯᠡᠯ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠪᠠ ᠠᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠡᠩᠭᠡᠷᠭᠡᠨ ᠪᠦᠷᠢᠶ᠎ᠡ ᠶᠢᠨ ᠠᠩᠭᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠥᠮᠦᠵᠢᠯ᠂ ᠪᠡᠶ᠎ᠡ ᠪᠠᠨ ᠳᠠᠭᠠᠭᠠᠭᠰᠠᠨ ᠬᠥᠮᠦᠵᠢᠯ ᠪᠠ ᠦᠢᠯᠡᠳᠦᠯᠭᠡ ᠶᠢᠨ ᠬᠥᠮᠦᠵᠢᠯ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠨ᠎ᠡ︾ ᠭᠡᠵᠦ ᠥᠪᠥᠷ ᠮᠣᠩᠭᠤᠯ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠡᠷᠦᠩᠬᠡᠢ ᠬᠠᠪᠰᠤᠷᠤᠨ ᠵᠢᠯᠣᠭᠤᠳᠤᠭᠴᠢ ᠰᠦᠨ ᠠᠨ ᠴᠢᠨ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号