ᠷᠦᠩ ᠱᠢ ᠱᠧᠩ
ᠨᠡᠶᠢᠲᠡᠯᠡᠭᠰᠡᠨ ᠴᠠᠭ᠄
2023/10/6
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ︵ᠲᠤᠰᠢᠶᠠᠯ ᠡᠭᠦᠷᠭᠡᠯᠡᠭᠰᠡᠨ︶ᠠᠵᠢᠯ ᠤᠨ ᠬᠤᠪᠢᠶᠠᠷᠢᠯᠠᠯ      ᠰᠢᠶᠠᠨ ᠤ ᠳᠠᠷᠤᠭ᠎ᠠ ᠶᠢᠨ ᠠᠵᠢᠯ ᠢ ᠬᠠᠪᠰᠤᠷᠴᠤ᠂ ᠵᠠᠩ ᠵᠢᠶᠧ ᠳᠡᠳ᠋ ᠰᠢᠶᠠᠨ ᠤ ᠳᠠᠷᠤᠭ᠎ᠠ ᠲᠠᠢ ᠬᠠᠮᠲᠤᠪᠠᠷ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠ ᠪᠠᠯᠭᠠᠰᠤᠨ ᠤ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠬᠤᠳᠠ ᠶᠢᠨ ᠬᠥᠭᠵᠢᠭᠦᠯᠦᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠬᠠᠷᠢᠭᠤᠴᠠᠵᠤ᠂ ᠮᠧᠨ ᠲᠧᠦ ᠭᠧᠦ ᠲᠣᠭᠤᠷᠢᠭ ᠯᠤᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠯᠭᠠᠭᠤᠯᠤᠨ᠎ᠠ᠃ᠲᠣᠪᠴᠢ ᠨᠠᠮᠲᠠᠷ      ᠷᠦᠩ ᠱᠢ ᠱᠧᠩ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 12 ᠰᠠᠷ᠎ᠠ ᠳᠤ ᠲᠦᠷᠦᠵᠠᠢ᠂ 1997 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ 1997 ᠣᠨ ᠤ 7 ᠰᠠᠷ᠎ᠠ ᠳᠤ ᠠᠵᠢᠯ ᠳᠤ ᠭᠠᠷᠪᠠ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠮᠢᠶᠠᠷᠤᠯᠲᠠ ᠶᠢᠨ ᠤᠬᠠᠭᠠᠨ ᠤ ᠮᠠᠰᠲ᠋ᠧᠷ ᠴᠣᠯᠠ ᠲᠠᠢ᠃ ᠣᠲᠣ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ︵ᠲᠤᠰᠢᠶᠠᠯ ᠡᠭᠦᠷᠭᠡᠯᠡᠭᠰᠡᠨ︶ ᠶᠢᠨ ᠲᠤᠰᠢᠶᠠᠯ ᠢ ᠬᠠᠷᠢᠭᠤᠴᠠᠵᠤ ᠪᠣᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号