︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷᠯᠠᠨ ᠤᠭᠲᠤᠵᠤ᠂ ᠤᠯᠤᠰ ᠤᠨ ᠪᠠᠶᠠᠷ ᠢ ᠬᠠᠮᠲᠤ ᠪᠠᠷ ᠪᠡᠯᠭᠡᠯᠡᠶ᠎ᠡ︾ ᠭᠡᠬᠦ ᠬᠤᠣᠰ ᠪᠠᠶᠠᠷ ᠢ ᠤᠭᠲᠤᠬᠤ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/10/7
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 74 ᠵᠢᠯ ᠤᠨ ᠤᠢ ᠶᠢ ᠪᠡᠯᠡᠭᠯᠡᠵᠦ᠂ ᠳᠤᠮᠳᠠᠳᠤ ᠤᠯᠤᠰ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠶᠢᠨ ᠲᠥᠯᠥᠭᠡ᠂ ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠴᠦᠸᠠᠨ ᠰᠢᠶᠠᠨ ᠤ ᠰᠣᠶᠣᠯ ᠤᠨ ᠣᠷᠳᠣᠨ᠂ ᠦᠴᠦᠸᠠᠨ ᠤ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠦᠢᠯᠡᠳᠬᠡᠯ ᠤᠨ ᠭᠠᠵᠠᠷ ᠦᠴᠦᠸᠠᠨ ᠰᠢᠶᠠᠨ ᠤ ᠬᠡᠦ ᠬᠠ ᠬᠥᠳᠡᠭᠡ ᠲᠣᠰᠬᠤᠨ ᠤ ᠵᠤᠭᠠᠴᠠᠯ ᠤᠨ ᠲᠠᠷᠢᠶᠠᠯᠠᠩ ᠤᠨ ᠲᠠᠯᠠᠪᠠᠢ ᠳᠤ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷᠯᠠᠨ ᠤᠭᠲᠤᠵᠤ᠂ ᠤᠯᠤᠰ ᠤᠨ ᠪᠠᠶᠠᠷ ᠢ ᠬᠠᠮᠲᠤᠪᠠᠷ ᠪᠡᠯᠭᠡᠯᠡᠶ᠎ᠡ︾ ᠭᠡᠬᠦ ᠬᠤᠣᠰ ᠪᠠᠶᠠᠷ ᠢ ᠤᠭᠲᠤᠬᠤ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃      ᠠᠵᠢᠯᠯᠠᠭ᠎ᠠ ᠶᠢᠨ ᠳᠤᠮᠳᠠ᠂ ᠶᠤᠤᠮᠠᠢ ᠶᠢᠨ ᠭᠤᠯᠢᠷ ᠤᠨ ᠠᠮᠲᠠᠲᠤ ᠢᠳᠡᠭᠡᠨ ᠤ ᠤᠷ᠎ᠠ ᠮᠡᠷᠭᠡᠵᠢᠯ ᠤᠨ ᠤᠯᠠᠮᠵᠢᠯᠠᠭᠴᠢ ᠲᠤᠬᠠᠢ ᠶᠢᠨ ᠲᠠᠯᠠᠪᠤᠷ ᠲᠤ ᠵᠢᠭᠤᠯᠴᠢᠯᠠᠭᠴᠢᠳ ᠲᠤ ᠬᠤᠸᠠᠷ ᠬᠡᠯᠪᠡᠷᠢᠲᠠᠢ ᠶᠤᠤᠮᠠᠢ ᠶᠢᠨ ᠭᠤᠯᠢᠷ᠂ ᠣᠨᠴᠠᠯᠢᠭᠲᠤ ᠢᠳᠡᠭᠡᠨ ᠵᠢᠴᠢ ᠶᠤᠤᠮᠠᠢ ᠶᠢᠨ ᠭᠤᠯᠢᠷ ᠤᠨ ᠪᠠᠭᠠᠵᠢ ᠬᠡᠷᠡᠭᠰᠡᠯ ᠬᠢᠵᠦ ᠥᠭᠭᠦᠭᠰᠡᠨ ᠪᠥᠭᠡᠳ ᠶᠤᠤᠮᠠᠢ ᠶᠢᠨ ᠭᠤᠯᠢᠷ ᠤᠨ ᠰᠣᠶᠣᠯ ᠤᠨ ᠰᠢᠮ᠎ᠡ ᠲᠡᠵᠢᠭᠡᠯ ᠤᠨ ᠦᠨ᠎ᠡ ᠥᠷᠲᠡᠭ ᠢ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠢ ᠢᠳᠡᠪᠬᠢᠲᠡᠢ ᠪᠠᠷ ᠤᠯᠠᠮᠵᠢᠯᠠᠨ ᠲᠠᠷᠬᠠᠭᠠᠵᠤ᠂ ᠵᠢᠭᠤᠯᠴᠢᠯᠠᠭᠴᠢᠳ ᠪᠣᠯᠣᠨ ᠪᠢᠴᠢᠬᠠᠨ ᠨᠠᠶᠢᠵᠠ ᠨᠠᠷ ᠲᠤ ᠤᠯᠤᠰ ᠤᠨ ᠪᠠᠶᠠᠷ   ᠢ ᠰᠣᠨᠢᠷᠬᠠᠭᠤᠯᠵᠤ᠂ ᠤᠯᠠᠮᠵᠢᠯᠠᠯᠲᠤ ᠰᠣᠶᠣᠯ ᠤᠨ ᠬᠢᠵᠠᠭᠠᠯᠠᠰᠢ ᠦᠭᠡᠢ ᠷᠢᠳᠢ ᠰᠢᠳᠢ ᠶᠢ ᠦᠨᠡᠨᠬᠦ ᠮᠡᠳᠡᠷᠡᠭᠦᠯᠪᠡ᠃      ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号