ᠵᠠᠷ ᠮᠡᠳᠡᠭᠡᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ | ᠭᠦᠢᠴᠡᠳᠬᠡᠵᠦ᠂ ᠪᠠᠶᠠᠷ ᠤᠨ ᠡᠳᠦᠷ ᠤᠨ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠶ ᠪᠣᠯᠭᠠᠬᠤ ᠶᠢᠨ | ᠲᠥᠯᠥᠭᠡ᠂ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ︽ᠬᠤᠣᠰ ᠪᠠᠶᠠᠷ︾ ᠬᠦᠷᠴᠦ ᠢᠷᠡᠬᠦ | ᠲᠠᠰᠢᠷᠠᠮ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠴᠧᠩ ᠨᠠᠷ᠂ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷ ᠮᠡᠳᠡᠭᠡᠨ ᠤ ᠰᠠᠯᠠᠭᠠᠨ ᠤ | ᠬᠠᠷᠢᠭᠤᠴᠠᠯᠭᠠᠲᠠᠨ ᠮᠠᠨ ᠤ ᠰᠢᠶᠠᠨ ᠤ ᠵᠠᠷ ᠮᠡᠳᠡᠭᠡᠨ ᠤ ᠵᠠᠬ᠎ᠠ ᠳᠡᠯᠭᠡᠭᠦᠷ ᠲᠤ ᠲᠤᠰᠬᠠᠢ ᠪᠠᠶᠢᠴᠠᠭᠠᠯᠲᠠ ᠬᠢᠵᠦ᠂ | ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ | ᠳᠡᠳ᠋ ᠳᠠᠷᠤᠭ᠎ᠠ ᠵᠢᠴᠢ ᠬᠤᠯᠪᠣᠭᠳᠠᠯ ᠪᠦᠬᠦᠢ ᠬᠤᠪᠢ ᠣᠷᠣᠭᠤᠯᠬᠤ ᠲᠠᠰᠤᠭ ᠤᠨ ᠠᠵᠢᠯᠲᠠᠳ ᠪᠦᠬᠦ ᠶᠠᠪᠤᠴᠠ ᠳᠤ | ᠪᠠᠷ᠎ᠠ ᠪᠣᠯᠪᠠ᠃ | ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠥᠪᠥᠷ ᠮᠣᠩᠭᠤᠯ ᠤᠨ ᠶᠠᠨ ᠬᠥ᠋ ᠹᠠᠩ ᠠᠮᠢ | ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ | ᠦᠴᠦᠸᠠᠨ ᠰᠢᠶᠠᠨ ᠤ ᠶᠦᠩ ᠱᠧᠩ ᠴᠧᠩ ᠬᠡᠲᠦ ᠳᠡᠯᠭᠡᠭᠦᠷ ᠵᠢᠴᠢ ᠡᠷᠬᠢᠨ ᠲᠣᠭᠤᠷᠢᠨ ᠤ ᠵᠠᠬ᠎ᠠ ᠳᠡᠯᠭᠡᠭᠦᠷ ᠲᠤ | ᠪᠠᠶᠢᠴᠠᠭᠠᠯᠲᠠ ᠬᠢᠵᠦ᠂ ᠤᠳᠤᠷᠢᠳᠤᠮᠵᠢ ᠶᠢᠨ ᠠᠰᠠᠭᠤᠳᠠᠯ᠂ ᠰᠡᠷᠭᠡᠭ ᠴᠢᠨᠠᠷ ᠤᠨ ᠠᠰᠠᠭᠤᠳᠠᠯ ᠳᠤ ᠬᠤᠯᠪᠣᠭᠳᠠᠭᠰᠠᠨ | ᠵᠠᠷ ᠤᠨ ᠬᠡᠷᠡᠭᠯᠡᠭᠡᠨ ᠤ ᠬᠡᠯᠡ᠂ ᠬᠡᠷᠡᠭᠯᠡᠭᠡᠨ ᠤ ᠦᠭᠡ ᠨᠢ ᠵᠥᠪ ᠪᠠᠶᠢᠬᠤ ᠡᠰᠡᠬᠦ᠂ ᠬᠤᠳᠠᠯ ᠬᠠᠭᠤᠷᠮᠠᠭ ᠬᠠᠤᠯᠢ | ᠵᠥᠷᠢᠴᠡᠭᠰᠡᠨ ᠪᠠᠶᠢᠬᠤ ᠡᠰᠡᠬᠦ ᠵᠡᠷᠭᠡ ᠭᠤᠣᠯᠳᠠᠯᠭ᠎ᠠ ᠲᠠᠢ ᠠᠭᠤᠯᠭ᠎ᠠ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ | ᠬᠢᠬᠦ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠵᠠᠰᠠᠭ ᠵᠠᠬᠢᠷᠭᠠᠨ ᠤ ᠵᠢᠯᠣᠭᠤᠳᠤᠯᠭ᠎ᠠ ᠬᠢᠪᠡ᠃ | ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ | ︽ᠵᠠᠷ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠠᠵᠤ | ᠠᠬᠤᠶᠢᠯᠠᠯ ᠢ ᠱᠠᠭᠠᠷᠳᠠᠨ ᠵᠠᠷ ᠤᠨ ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠬᠠᠤᠯᠢ ᠶᠢ ᠵᠢᠷᠤᠮᠯᠠᠨ ᠡᠵᠡᠩᠨᠡᠵᠦ᠂ | ᠵᠠᠷ ᠤᠨ ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠤ ᠳᠠᠷᠠᠭ᠎ᠠ ᠰᠠᠶ᠋ᠢ ᠨᠡᠶᠢᠲᠡᠯᠡᠬᠦ ᠶᠢ | ᠪᠠᠲᠤᠯᠠᠵᠤ᠂ ᠵᠠᠷ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠲᠠᠰᠤᠷᠠᠯᠲᠠ ᠦᠭᠡᠢ ᠴᠡᠪᠡᠷᠰᠢᠬᠦ ᠶᠢ ᠡᠬᠢ | ᠡᠭᠦᠰᠦᠯ ᠠᠴᠠ ᠨᠢ ᠪᠠᠲᠤᠯᠠᠬᠤ ᠬᠡᠷᠡᠭᠲᠡᠢ ᠭᠡᠵᠡᠢ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |