9 ᠰᠠᠷ᠎ᠠ ᠶᠢᠨ 27 ᠤ ᠡᠳᠦᠷ᠂ ᠦᠴᠦᠸᠠᠨ ᠰᠢᠶᠠᠨ 2023 ᠣᠨ ᠤ ᠨᠠᠮᠤᠷ ᠡᠪᠦᠯ ᠤᠨ ᠤᠯᠠᠷᠢᠯ ᠤᠨ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮᠤᠷ ᠡᠪᠦᠯ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠦᠷᠭᠦᠯᠵᠢᠯᠡᠨ | ᠰᠠᠶᠢᠲᠤᠷ ᠬᠢᠬᠦ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠣᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ | ᠤᠨᠲᠠᠷᠠᠭᠠᠬᠤ ᠪᠠᠶᠢᠳᠠᠯ ᠳᠤ ᠵᠠᠳᠠᠯᠤᠯᠲᠠ ᠬᠢᠭᠰᠡᠨ ᠪᠥᠭᠡᠳ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠴᠠᠭ | ᠠᠭᠤᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠵᠢᠴᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠭᠠᠯ ᠤᠨ ᠡᠬᠢ ᠶᠢ ᠬᠠᠮᠢᠶᠠᠷᠤᠨ | ᠡᠵᠡᠮᠳᠡᠬᠦ ᠶᠢ ᠰᠠᠶᠢᠲᠤᠷ ᠠᠳᠬᠤᠵᠤ᠂ ᠠᠭᠤᠯᠠᠨ ᠳᠤ ᠣᠷᠣᠬᠤ ᠪᠠᠶᠢᠴᠠᠭᠠᠯᠲᠠ ᠶᠢᠨ ᠰᠡᠷᠭᠡᠶᠢᠯᠡᠯᠲᠡ ᠶᠢᠨ ᠱᠤᠭᠤᠮ᠂ | ᠡᠳᠦᠷ ᠳᠤᠳᠤᠮ ᠤᠨ ᠲᠣᠭᠤᠷᠢᠨ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ᠂ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠭᠤᠷᠪᠠ ᠳᠤ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠠᠲᠤᠳᠬᠠᠵᠤ᠂ | ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠬᠠᠮᠢᠶᠠᠷᠴᠤ ᠬᠠᠮᠠᠭᠠᠯᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ ᠳᠥᠷᠪᠡ ᠳᠤ ᠭᠠᠯ ᠰᠡᠷᠭᠡᠶᠢᠯᠡᠨ ᠭᠠᠯ ᠤᠨᠲᠠᠷᠠᠭᠠᠬᠤ ᠡᠳ᠋ ᠪᠣᠳᠠᠰ ᠲᠥᠬᠦᠭᠡᠷᠦᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠭᠠᠯ ᠰᠡᠷᠭᠡᠶᠢᠯᠡᠨ ᠭᠠᠯ ᠤᠨᠲᠠᠷᠠᠭᠠᠬᠤ ᠡᠩᠨᠡᠭᠡᠨ ᠤ ᠭᠠᠯ ᠤᠨᠲᠠᠷᠠᠭᠠᠵᠤ ᠠᠶᠤᠯ ᠠᠴᠠ ᠠᠪᠤᠷᠬᠠᠤ | ᠴᠢᠳᠠᠪᠤᠷᠢ᠂ ᠠᠶᠤᠯ ᠠᠴᠠ ᠪᠠᠴᠢᠮ ᠵᠠᠶᠢᠯᠠᠬᠤ ᠮᠡᠳᠡᠯᠭᠡ ᠶᠢᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠭᠠᠯ ᠤᠨ | ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠲᠠᠪᠤ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠤᠬᠠᠭᠤᠯᠭ᠎ᠠ ᠶᠢᠨ | ᠠᠵᠢᠯ ᠢ ᠰᠠᠶᠢᠲᠤᠷ ᠠᠳᠬᠤᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠢᠳᠡᠪᠬᠢᠲᠡᠢ ᠪᠣᠶ | ᠪᠣᠯᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠵᠢᠷᠭᠤᠭ᠎ᠠ ᠳᠤ | ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠣᠯᠵᠤ ᠮᠡᠳᠡᠭᠰᠡᠨ ᠠᠰᠠᠭᠤᠳᠠᠯ ᠪᠠ ᠳᠠᠯᠳᠠ ᠬᠡᠮ ᠢ ᠴᠠᠭ | ᠲᠤᠬᠠᠢ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠢ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |