ᠦᠴᠦᠸᠠᠨ ᠰᠢᠶᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/10/7
     ᠦᠷᠡᠭᠳᠡᠭᠰᠡᠨ ᠪᠠᠭᠠᠲᠤᠷᠴᠤᠳ ᠲᠠᠭᠠᠨ ᠰᠣᠷᠭᠤᠭ ᠴᠡᠴᠡᠭ ᠡᠷᠭᠦᠵᠦ᠂ ᠭᠠᠰᠢᠭᠤᠳᠠᠯ ᠤᠨ ᠰᠡᠳᠬᠢᠯ ᠢᠶᠠᠷ ᠰᠢᠳᠤᠷᠭᠤ ᠰᠦᠨᠡᠰᠦ ᠪᠠᠨ ᠲᠠᠬᠢᠨ᠎ᠠ᠃ 9 ᠰᠠᠷ᠎ᠠ ᠶᠢᠨ 30  ᠤ ᠡᠳᠦᠷ ᠪᠣᠯ ᠤᠯᠤᠰ ᠠᠴᠠ ᠪᠠᠶᠢᠭᠤᠯᠤᠭᠰᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠣᠨ᠎ᠠ᠃ ᠲᠤᠬᠠᠢ ᠶᠢᠨ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠬᠦ ᠶᠣᠰᠣᠯᠠᠯ ᠶᠠᠪᠤᠭᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ᠂ ᠠᠷᠠᠳ ᠤᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠪᠡ᠃
     ᠳᠠᠯᠠᠨ ᠬᠠᠷ᠎ᠠ ᠠᠭᠤᠯᠠᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠲᠥᠪ ᠬᠢᠴᠢᠶᠡᠩᠭᠦᠢ ᠪᠠᠶᠢᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦᠶᠢᠨ ᠰᠦᠨᠳᠡᠷᠯᠡᠨ᠎ᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠨᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶ᠋ᠧ ᠴᠢᠦᠢ ᠫᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠤᠤ ᠯᠢᠨ ᠵᠡᠷᠭᠡ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠰᠢᠶᠠᠨ ᠤ ᠡᠯ᠎ᠡ ᠶᠠᠮᠤᠨ ᠵᠥᠪᠯᠡᠯ ᠤᠨ ᠠᠯᠪᠠᠨ ᠭᠡᠷ ᠤᠨ ᠲᠣᠪᠴᠢᠶ᠎ᠠ᠂ ᠡᠯ᠎ᠡ ᠤᠯᠠᠨ ᠲᠦᠮᠡᠨ ᠤ ᠪᠦᠯᠬᠦᠮ᠂ ᠠᠵᠢᠯ ᠦᠢᠯᠡᠰ ᠤᠨ ᠨᠢᠭᠡᠴᠢ᠂ ᠰᠢᠭᠤᠳ ᠬᠠᠮᠢᠶᠠᠷᠴᠤ ᠪᠠᠶᠢᠭ᠎ᠠ ᠨᠢᠭᠡᠴᠢ ᠶᠢᠨ ᠭᠤᠣᠯ ᠤᠳᠤᠷᠢᠳᠤᠯᠭ᠎ᠠ ᠵᠢᠴᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠤ᠂ ᠬᠠᠮᠲᠤᠪᠠᠷ ᠤᠯᠤᠰ ᠤᠨ ᠴᠡᠴᠡᠭᠯᠡᠯ ᠬᠥᠭᠵᠢᠯ ᠪᠠᠶᠠᠨ ᠬᠦᠴᠦᠷᠬᠡᠭ ᠪᠠ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠲᠥᠯᠥᠭᠡ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠪᠠ ᠭᠦᠨ ᠭᠠᠰᠢᠭᠤᠳᠠᠯ ᠢᠶᠠᠨ ᠳᠡᠪᠰᠢᠭᠦᠯᠪᠡ᠃      ᠶᠣᠰᠣᠯᠠᠯ ᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ   ᠶᠢᠨ ᠬᠤᠷᠢᠶᠠᠨ ᠤ ᠱᠦᠵᠢ ᠶᠢᠨ ᠱᠣᠣ ᠯᠢᠨ ᠡᠷᠬᠢᠯᠡᠪᠡ᠃
     ᠪᠤᠩᠬᠤᠨ ᠤ ᠬᠦᠷᠢᠶᠡᠯᠡᠩ ᠳᠤ᠂ ᠶᠣᠰᠣᠯᠠᠯ ᠳᠤ ᠣᠷᠣᠯᠴᠠᠭᠰᠠᠨ ᠪᠦᠬᠦ ᠬᠥᠮᠥᠰ ᠳᠤᠷᠠᠰᠬᠠᠯ ᠤᠨ ᠬᠥᠰᠢᠶ᠎ᠡ ᠶᠢᠨ ᠵᠦᠭ ᠲᠡᠷᠢ ᠲᠡᠭᠰᠢ ᠵᠢᠭᠰᠠᠪᠠ᠃ ᠦᠳᠡ ᠶᠢᠨ ᠡᠮᠦᠨᠡᠬᠢ 10 ᠴᠠᠭ ᠲᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠬᠦ ᠶᠣᠰᠣᠯᠠᠯ ᠵᠢᠩᠬᠢᠨᠢ ᠪᠠᠷ ᠡᠬᠢᠯᠡᠵᠦ᠂ ᠪᠦᠬᠦ ᠬᠥᠮᠥᠰ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠤᠯᠤᠰ ᠤᠨ ᠳᠠᠭᠤᠤ ᠶᠢ ᠳᠠᠭᠤᠯᠠᠵᠤ ᠪᠠᠷᠠᠭᠰᠠᠨ ᠤ ᠳᠠᠷᠠᠭ᠎ᠠ᠂ ᠤᠯᠠᠨ ᠢᠶᠠᠷ ᠢᠶᠠᠨ ᠲᠣᠯᠣᠭᠠᠢ ᠪᠥᠬᠦᠶᠢᠨ ᠨᠠᠮᠠᠨᠴᠢᠯᠠᠨ ᠭᠠᠰᠢᠭᠤᠳᠠᠵᠤ᠂ ᠦᠷᠡᠭᠳᠡᠭᠰᠡᠨ ᠪᠠᠭᠠᠲᠤᠷᠴᠤᠳ ᠤᠨ ᠰᠦᠭ ᠰᠦᠨᠡᠰᠦ ᠶᠢ ᠲᠠᠶᠢᠳᠬᠤᠷᠠᠭᠤᠯᠪᠠ᠃ ᠨᠠᠮᠠᠨᠴᠢᠯᠠᠨ ᠭᠠᠰᠢᠭᠤᠳᠠᠵᠤ ᠪᠠᠷᠠᠭᠰᠠᠨ ᠤ ᠳᠠᠷᠠᠭ᠎ᠠ᠂ ᠪᠠᠭᠠᠴᠤᠳ ᠤᠨ ᠬᠤᠰᠢᠭᠤᠴᠢ ᠠᠩᠭᠢ ᠶᠢᠨ  ᠬᠢᠨ ᠳᠤᠷᠠᠰᠬᠠᠯ ᠤᠨ ᠬᠥᠰᠢᠶ᠎ᠡ ᠳᠤ ᠬᠠᠨᠳᠤᠭᠤᠯᠤᠨ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ︾ ᠭᠡᠬᠦ ᠳᠠᠭᠤᠤ ᠶᠢ ᠡᠷᠭᠦᠨ ᠳᠠᠭᠤᠯᠠᠬᠤ ᠶᠢᠨ ᠬᠠᠮᠲᠤ ᠪᠠᠭᠠᠴᠤᠳ ᠤᠨ ᠬᠤᠰᠢᠭᠤᠴᠢ ᠠᠩᠭᠢ ᠶᠢᠨ ᠠᠩᠭᠢ ᠶᠢᠨ ᠶᠣᠰᠣᠯᠠᠯ ᠢ ᠳᠡᠪᠰᠢᠭᠦᠯᠪᠡ᠃ ᠶᠣᠰᠣᠯᠠᠯ ᠤᠨ ᠴᠡᠷᠢᠭ ᠭᠦᠨ ᠰᠡᠳᠬᠢᠯᠭᠡ ᠲᠠᠢ ︽ᠴᠡᠴᠡᠭ ᠬᠦᠷᠭᠡᠬᠦ ᠠᠶᠠᠰ︾ ᠢ ᠳᠠᠭᠠᠯᠳᠤᠵᠤ᠂ ᠴᠡᠴᠡᠭᠲᠦ ᠰᠠᠭᠰᠤ ᠶᠢ ᠡᠷᠭᠦᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠵᠦᠭ ᠤᠷᠤᠭᠰᠢᠯᠠᠵᠤ᠂ ᠴᠡᠴᠡᠭᠲᠦ ᠰᠠᠭᠰᠤ ᠶᠢ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠲᠠᠯᠪᠢᠪᠠ᠃ ᠶᠠᠩ ᠰᠢᠩ ᠱᠧᠩ᠂ ᠷᠧᠨ ᠶᠠᠨ ᠰᠢᠶᠠᠩ᠂ ᠰᠢᠶᠸ ᠴᠢᠦᠢ ᠫᠢᠩ᠂ ᠶᠠᠩ ᠶᠦᠩ ᠭᠠᠩ ᠠᠯᠭᠤᠷᠬᠠᠨ ᠠᠯᠬᠤᠭᠠᠳ ᠴᠡᠴᠡᠭᠲᠦ ᠰᠠᠭᠰᠤ ᠶᠢᠨ ᠡᠮᠦᠨ᠎ᠡ ᠬᠦᠷᠴᠦ᠂ ᠴᠡᠴᠡᠭᠲᠦ ᠰᠠᠭᠰᠤ ᠶᠢᠨ ᠡᠮᠦᠨ᠎ᠡ ᠵᠣᠭᠰᠣᠵᠤ ᠰᠢᠷᠳᠡᠨ᠂ ᠴᠡᠴᠡᠭᠲᠦ ᠰᠠᠭᠰᠤ ᠶᠢᠨ ᠲᠣᠷᠭᠠᠨ ᠪᠦᠴᠡ ᠶᠢ ᠨᠠᠷᠢᠨ ᠨᠢᠮᠪᠠᠢ ᠲᠡᠭᠰᠢᠯᠡᠵᠦ᠂ ᠲᠡᠭᠰᠢᠯᠡᠭᠰᠡᠨ ᠤ ᠳᠠᠷᠠᠭ᠎ᠠ ᠲᠠᠯᠠᠪᠠᠢ ᠳᠠᠭᠠᠨ ᠪᠤᠴᠠᠵᠤ ᠳᠤᠷᠠᠰᠬᠠᠯ ᠤᠨ ᠬᠥᠰᠢᠶ᠎ᠡ ᠥᠭᠡᠳᠡ ᠬᠠᠨᠳᠤᠵᠤ᠂ ᠪᠦᠭᠦᠳᠡᠭᠡᠷ ᠢᠶᠠᠨ ᠶᠣᠰᠣᠯᠠᠪᠠ᠃
     ᠳᠠᠷᠠᠭ᠎ᠠ ᠳᠤᠨᠢ᠂ ᠪᠦᠬᠦ ᠬᠥᠮᠥᠰ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠬᠦᠷᠴᠦ ᠪᠠᠷᠠᠯᠠᠵᠤ᠂ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠠᠯᠭᠤᠷᠬᠠᠨ ᠨᠢᠭᠡ ᠲᠣᠭᠤᠷᠢᠨ ᠶᠠᠪᠤᠬᠤ ᠶᠢᠨ ᠬᠠᠮᠲᠤ ᠭᠠᠷ ᠲᠠᠬᠢ ᠰᠣᠷᠭᠤᠭ ᠴᠡᠴᠡᠭ ᠢᠶᠠᠨ ᠭᠦᠨ ᠰᠡᠳᠬᠢᠯᠭᠡ ᠲᠠᠢ ᠪᠠᠷ ᠡᠷᠭᠦᠵᠦ᠂ ᠠᠷᠠᠳ ᠤᠨ ᠪᠠᠭᠠᠲᠤᠷᠴᠤᠳ ᠢ ᠭᠦᠨ᠎ᠡ ᠮᠥᠷᠥᠭᠡᠳᠦᠨ ᠰᠠᠨᠠᠭᠠᠯᠵᠠᠵᠤ ᠪᠠᠶᠢᠬᠤ ᠪᠠ ᠡᠷᠬᠢᠮ ᠳᠡᠭᠡᠳᠦ ᠬᠦᠨᠳᠦᠳᠬᠡᠯ ᠢᠶᠠᠨ ᠢᠯᠡᠳᠬᠡᠵᠦ᠂ ᠲᠡᠳᠡᠨ ᠤ ᠨᠠᠮ ᠳᠠᠭᠠᠨ ᠬᠤᠪᠢᠷᠠᠰᠢ ᠦᠭᠡᠢ ᠦᠨᠡᠨᠴᠢ ᠰᠢᠳᠤᠷᠭᠤ᠂ ᠦᠬᠦᠵᠦ ᠰᠡᠭᠡᠬᠦ ᠪᠠᠨ ᠦᠯᠦ ᠮᠠᠷᠲᠠᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠳᠤᠷᠠᠰᠤᠨ ᠰᠠᠨᠠᠭᠠᠯᠵᠠᠪᠠ᠃
     ᠪᠦᠬᠦ ᠬᠥᠮᠥᠰ ᠪᠠᠰᠠ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠪᠡ᠂ ᠦᠵᠡᠰᠬᠦᠯᠡᠩ ᠤᠨ ᠣᠷᠳᠣᠨ ᠳᠤ᠂ ᠭᠡᠷᠡᠯ ᠵᠢᠷᠤᠭ᠂ ᠦᠰᠦᠭ ᠪᠢᠴᠢᠭ᠂ ᠱᠤᠭᠤᠮᠠᠯ᠂ ᠵᠢᠷᠤᠭ ᠳᠦᠷᠰᠦ ᠵᠡᠷᠭᠡ ᠨᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠡᠮᠡᠴᠡᠯ ᠤᠨ ᠲᠡᠦᠬᠡ ᠶᠢᠨ ᠪᠣᠳᠠᠲᠤ ᠪᠠᠶᠢᠳᠠᠯ ᠢ ᠲᠣᠭᠠᠴᠢᠵᠤ᠂ ᠦᠯᠢᠭᠡᠷ᠂ ᠵᠢᠷᠤᠭ ᠨᠢᠭᠡᠪᠦᠷᠢ ᠨᠢ ᠬᠥᠮᠥᠰ ᠤᠨ ᠰᠡᠳᠬᠢᠯ ᠢ ᠬᠥᠳᠡᠯᠭᠡᠵᠦ᠂ ᠬᠥᠮᠥᠰ ᠤᠨ ᠤᠷᠮ᠎ᠠ ᠵᠣᠷᠢᠭ ᠢ ᠬᠥᠪᠴᠢᠯᠡᠪᠡ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号