ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ | ᠣᠶᠢᠯᠠᠭᠠᠭᠰᠠᠨ ᠢᠶᠠᠷ᠂ ︽ᠬᠤᠣᠰ ᠪᠠᠶᠠᠷ︾ ᠤᠨ 8 ᠡᠳᠦᠷ ᠤᠨ ᠠᠮᠠᠷᠠᠯᠲᠠ ᠳᠤ ᠮᠠᠨ ᠤ ᠣᠷᠣᠨ ᠤᠯᠤᠰ ᠤᠨ | ᠳᠣᠲᠣᠭᠠᠳᠤ ᠶᠢᠨ 2306.01 ᠲᠦᠮᠡᠨ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠴᠤ᠂ ᠠᠳᠠᠯᠢᠳᠬᠠᠵᠤ | ᠪᠤᠯᠬᠤ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠪᠠᠷ ᠪᠤᠳᠤᠪᠠᠯ ᠨᠢᠳᠤᠨᠤᠨ ᠤ ᠠᠳᠠᠯᠢ ᠬᠤᠭᠤᠴᠠᠭᠠᠨ ᠤ 6. | 06 ᠳᠠᠭᠢᠨ᠂ 2019 ᠣᠨ ᠤ ᠠᠳᠠᠯᠢ ᠬᠤᠭᠤᠴᠠᠭᠠᠨ ᠤ 1.35 ᠳᠠᠭᠢᠨ ᠲᠠᠢ ᠲᠡᠩᠴᠡᠵᠦ᠂ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 158.48 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢᠳᠬᠠᠵᠤ ᠪᠤᠯᠬᠤ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠪᠠᠷ ᠪᠤᠳᠤᠪᠠᠯ ᠨᠢᠳᠤᠨᠤᠨ ᠤ ᠠᠳᠠᠯᠢ | ᠬᠤᠭᠤᠴᠠᠭᠠᠨ ᠤ 7.23 ᠳᠠᠭᠢᠨ᠂ 2019 ᠣᠨ ᠤ ᠠᠳᠠᠯᠢ ᠬᠤᠭᠤᠴᠠᠭᠠᠨ ᠤ 1.18 ᠳᠠᠭᠢᠨ ᠲᠠᠢ ᠲᠡᠩᠴᠡᠵᠦ᠂ | ᠪᠦᠷ ᠲᠡᠦᠬᠡ ᠶᠢᠨ ᠲᠡᠮᠳᠡᠭᠯᠡᠯ ᠢ ᠰᠢᠨᠡᠳᠬᠡᠪᠡ᠃ | ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨ᠎ᠡ᠂ ᠮᠠᠨ ᠤ ᠣᠷᠣᠨ | ︽ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ᠂ ᠨᠢᠰᠬᠡᠯ ᠲᠦᠷᠢᠶᠡᠰᠦᠯᠡᠬᠦ ᠪᠠ ᠣᠷᠣᠨ ᠤ | ᠳᠣᠲᠣᠨ᠎ᠠ ᠭᠠᠳᠠᠨᠠᠬᠢ ᠵᠢᠭᠤᠯᠴᠢᠯᠠᠬᠰᠠᠳ ᠢ ᠲᠠᠲᠠᠬᠤ︾ ᠶᠢ ᠱᠠᠩᠨᠠᠵᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ | ᠶᠢ ᠲᠣᠭᠲᠠᠭᠠᠵᠤ᠂ 150 ᠭᠠᠷᠤᠢ ᠵᠦᠢᠯ ᠤᠨ ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ | ᠲᠥᠰᠥᠪᠯᠡᠨ ᠨᠡᠶᠢᠲᠡᠯᠡᠵᠦ᠂ ᠡᠯ᠎ᠡ ᠠᠶᠢᠮᠠᠭ ᠬᠤᠲᠠ ᠶᠢ ᠵᠢᠯᠣᠭᠤᠳᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ | ᠬᠥᠭᠵᠢᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠵᠡᠢ᠃ ︽ᠬᠤᠣᠰ ᠪᠠᠶᠠᠷ︾ ᠤᠨ ᠠᠮᠠᠷᠠᠯᠲᠠ | ᠶᠢᠨ ᠬᠤᠭᠤᠴᠠᠭᠠᠨ ᠳᠤ ᠪᠦᠭᠦ ᠣᠷᠣᠨ ᠤ ᠡᠯ᠎ᠡ ᠭᠠᠵᠠᠷ ᠤᠨ ᠬᠢᠨ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ | ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ︾ ᠭᠤᠣᠯ ᠰᠡᠳᠦᠪ ᠤᠨ ᠲᠣᠭᠤᠷᠢᠨ ᠳᠤ ᠣᠯᠠᠨ ᠵᠦᠢᠯ ᠤᠨ | ᠢᠯᠡ ᠲᠣᠳᠣ ᠣᠨᠴᠠᠯᠢᠭ ᠲᠠᠢ᠂ ᠡᠯᠪᠡᠭ ᠪᠠᠶᠠᠯᠢᠭ ᠠᠭᠤᠯᠭ᠎ᠠ ᠪᠦᠬᠦᠢ ᠰᠣᠶᠣᠯ ᠵᠢᠭᠤᠯᠴᠢᠯᠠᠯ ᠤᠨ ᠠᠵᠢᠯᠯᠠᠭ᠎ᠠ | ᠥᠷᠨᠢᠭᠦᠯᠵᠦ᠂ ᠰᠢᠨ᠎ᠡ ᠭᠡᠯᠪᠡᠷᠢ ᠪᠠ ᠰᠢᠨ᠎ᠡ ᠬᠠᠯᠠᠮᠰᠢᠯ ᠴᠡᠭ ᠢᠶᠠᠷ ᠳᠠᠮᠵᠢᠨ ︽ᠤᠮᠠᠷᠠᠲᠤ ᠬᠢᠯᠢ ᠶᠢᠨ ᠰᠣᠶᠣᠯ︾ ᠤᠨ | ᠲᠥᠷᠥᠯ ᠲᠡᠮᠳᠡᠭ ᠢ ᠠᠯᠳᠠᠷᠰᠢᠭᠤᠯᠵᠤ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ | ᠦᠷᠭᠦᠯᠵᠢᠯᠡᠨ ᠬᠥᠭᠵᠢᠭᠡᠵᠦ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠳᠬᠦᠨ ᠤ ᠨᠡᠷ᠎ᠡ ᠠᠯᠳᠠᠷᠰᠢᠯ ᠢ | ᠨᠡᠮᠡᠭᠳᠡᠭᠦᠯᠦᠭᠰᠡᠨ ᠪᠠᠶᠢᠨ᠎ᠠ᠃ ᠪᠦᠭᠦ ᠣᠷᠣᠨ ᠤ ᠡᠯ᠎ᠡ ᠱᠠᠲᠤᠨ ᠤ ᠰᠣᠶᠣᠯ ᠤᠨ ᠣᠷᠳᠣᠨ᠂ ᠨᠣᠮ ᠤᠨ ᠰᠠᠩ᠂ ᠮᠦᠽᠧᠢ | ᠵᠡᠷᠭᠡ ᠨᠢ ᠠᠭᠤᠳᠠᠮ ᠲᠠᠯᠠᠪᠠᠶ ᠶᠢᠨ ᠪᠥᠵᠢᠭ᠂ ᠳᠠᠭᠤᠤ ᠶᠢᠨ ᠤᠷᠤᠯᠳᠤᠭᠠᠨ᠂ ᠪᠦᠭᠦ ᠠᠷᠠᠳ ᠤᠨ ᠤᠩᠰᠢᠯᠭ᠎ᠠ᠂ ᠭᠡᠷᠡᠯ | ᠵᠢᠷᠤᠭ ᠤᠨ ᠦᠵᠡᠰᠭᠦᠯᠡᠩ ᠵᠡᠷᠭᠡ ᠡᠯ᠎ᠡ ᠲᠥᠷᠥᠯ ᠤᠨ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ 1770 | ᠭᠠᠷᠤᠢ ᠲᠠᠯᠠᠪᠠᠶ ᠤᠳᠠᠭ᠎ᠠ ᠡᠷᠭᠢᠯᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠩ ᠭᠦᠷ ᠬᠥᠭᠵᠢᠶᠡᠨ ᠲᠠᠢ | ᠪᠣᠯᠭᠠᠵᠠᠢ᠃ |