ᠬᠥᠬᠡᠬᠤᠲᠠ ᠠᠴᠠ ᠪᠡᠭᠡᠵᠢᠩ ᠬᠦᠷᠬᠦ ᠳᠤ 1 ᠴᠠᠭ 59 ᠮᠢᠨᠦ᠋ᠲ ᠯᠡ ᠠᠶᠠᠯᠠᠨ᠎ᠠ
ᠨᠡᠶᠢᠲᠡᠯᠡᠭᠰᠡᠨ ᠴᠠᠭ᠄
2023/10/8
     ᠡᠷᠬᠢᠮ ᠲᠠ ᠪᠦᠬᠦᠨ ᠳᠤ ᠬᠥᠬᠡᠬᠤᠲᠠ ᠠᠴᠠ ᠪᠡᠭᠡᠵᠢᠩ ᠬᠦᠷᠬᠦ ᠳᠤ ᠬᠤᠷᠳᠤᠨ ᠭᠠᠯᠲᠤ ᠲᠡᠷᠭᠡ ᠪᠠᠷ 1 ᠴᠠᠭ 59 ᠮᠢᠨᠦ᠋ᠲ ᠯᠡ ᠠᠶᠠᠯᠠᠬᠤ ᠪᠣᠯᠣᠯ᠎ᠠ ᠭᠡᠰᠡᠨ ᠪᠠᠶᠠᠷᠲᠤ ᠮᠡᠳᠡᠭᠡ ᠶᠢ ᠳᠤᠭᠤᠯᠭᠠᠶ᠎ᠠ᠃      ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶᠠᠨ ᠤ  ᠪᠦᠯᠦᠭᠯᠡᠯ ᠤᠨ ᠬᠢᠵᠠᠭᠠᠷᠲᠤ  ᠬᠠᠷᠢᠭᠤᠴᠠᠯᠭᠠᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 10 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠨ᠂ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠠᠶᠠᠯᠠᠯ ᠤᠨ ᠰᠢᠨ᠎ᠡ ᠴᠠᠭ ᠤᠨ ᠬᠤᠪᠢᠶᠠᠷᠢ ᠶᠢ  ᠬᠡᠷᠡᠭᠵᠢᠭᠦᠯᠬᠦ ᠶᠢ ᠳᠠᠭᠠᠯᠳᠤᠨ᠂  ᠬᠥᠬᠡᠬᠤᠲᠠ ᠠᠴᠠ ᠪᠡᠭᠡᠵᠢᠩ ᠬᠦᠷᠬᠦ ᠳᠤ ᠬᠤᠷᠳᠤᠨ ᠭᠠᠯᠲᠤ ᠲᠡᠷᠭᠡ ᠪᠠᠷ 1 ᠴᠠᠭ 59 ᠮᠢᠨᠦ᠋ᠲ ᠯᠡ ᠠᠶᠠᠯᠠᠬᠤ ᠪᠣᠯᠣᠨ᠎ᠠ᠃  ᠡᠭᠦᠨ ᠳᠤ᠂ ᠬᠥᠬᠡᠬᠤᠲᠠ ᠶᠢᠨ ᠵᠡᠭᠦᠨ  ᠥᠷᠲᠡᠭᠡᠨ ᠠᠴᠠ ᠪᠡᠭᠡᠵᠢᠩ ᠬᠦᠷᠬᠦ G2462 ᠨᠣᠮᠧᠷᠲᠤ ᠬᠤᠷᠳᠤᠨ ᠭᠠᠯᠲᠤ ᠲᠡᠷᠭᠡ ᠨᠢ ᠬᠥᠬᠡᠬᠤᠲᠠ ᠶᠢᠨ ᠵᠡᠭᠦᠨ ᠥᠷᠲᠡᠭᠡ ᠠᠴᠠ ᠮᠣᠷᠳᠠᠵᠤ ᠪᠡᠭᠡᠵᠢᠩ ᠤᠨ ᠴᠢᠩ ᠾᠧ ᠥᠷᠲᠡᠭᠡᠨ ᠳᠤ ᠰᠢᠭᠤᠳ ᠬᠦᠷᠬᠦ ᠳᠡᠭᠡᠨ 1 ᠴᠠᠭ 59 ᠮᠢᠨᠦ᠋ᠲ ᠯᠡ ᠠᠶᠠᠯᠠᠨ᠎ᠠ᠃ ᠡᠨᠡᠬᠦ ︽ᠬᠤᠶᠠᠷ ᠴᠠᠭ ᠤᠨ ᠵᠠᠮ ᠬᠠᠷᠢᠯᠴᠠᠭᠠᠨ ᠤ ᠲᠣᠭᠤᠷᠢᠭ︾ ᠨᠢ ᠣᠯᠠᠨ ᠲᠦᠮᠡᠨ ᠤ ᠶᠠᠪᠤᠵᠤ ᠰᠠᠭᠤᠬᠤ ᠳᠤ  ᠶᠡᠬᠡᠬᠡᠨ ᠲᠥᠬᠦᠮ ᠦᠵᠡᠭᠦᠯᠬᠦ ᠶᠢᠨ ᠬᠠᠮᠲᠤ ᠥᠪᠥᠷ ᠮᠣᠩᠭᠤᠯ ᠤᠨ ᠳᠤᠮᠳᠠ ᠪᠠᠷᠠᠭᠤᠨ ᠪᠡᠶ᠎ᠡ ᠪᠣᠯᠣᠨ ᠪᠡᠭᠡᠵᠢᠩ ᠲᠢᠶᠠᠨᠵᠢᠨ ᠾᠧᠪᠧᠢ ᠶᠢᠨ ᠪᠦᠰᠡ ᠨᠤᠲᠤᠭ ᠤᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠴᠢᠨᠠᠭᠰᠢᠳᠠ ᠡᠷᠴᠢᠮᠲᠡᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号